ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/12/31
       ︵2024 ᠣᠨ ᠤ 12 ᠳ᠋ᠤᠭᠠᠷ ᠰᠠᠷ᠎ᠠ ᠶᠢᠨ 30 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠥᠬᠦᠳᠡ ᠬᠤᠷᠠᠯ ᠠᠴᠠ ᠪᠠᠲᠤᠯᠠᠪᠠ︶           ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ 2024 2024ᠣᠨ ᠤ 12 ᠳ᠋ᠤᠭᠠᠷ ᠰᠠᠷ᠎ᠠ ᠶᠢᠨ 30 ᠤ ᠡᠳᠦᠷ ᠬᠤᠷᠠᠯᠳᠤᠪᠠ᠃           ᠡᠨᠡ ᠤᠳᠠᠭᠠᠨ ᠤ ᠪᠥᠬᠦᠳᠡ ᠬᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠭᠡᠰᠢᠭᠦᠨ 42 ᠬᠥᠮᠥᠨ᠂ ᠣᠷᠣᠯᠠᠭᠴᠢ ᠭᠡᠰᠢᠭᠦᠨ 10 ᠬᠥᠮᠥᠨ ᠣᠷᠣᠯᠴᠠᠪᠠ᠃ ᠬᠤᠳᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠣᠨ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠥᠬᠡᠬᠤᠲᠠ ᠳᠤ ᠰᠠᠭᠤᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠬᠤᠳᠠ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃      ᠪᠥᠬᠦᠳᠡ ᠬᠤᠷᠠᠯ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠣᠰ ᠲᠣᠰ ᠶᠠᠷᠢᠶ᠎ᠠ ᠲᠠᠯᠪᠢᠪᠠ᠃           ᠪᠥᠬᠦᠳᠡ ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ 2024 ᠣᠨ ᠤ ᠠᠵᠢᠯ ᠤᠨ ᠲᠤᠬᠠᠢ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃           ᠪᠦᠬᠦᠳᠡ ᠬᠤᠷᠠᠯ ᠠᠴᠠ᠂ ᠨᠢᠭᠡ ᠵᠢᠯ ᠤᠨ ᠲᠤᠷᠰᠢ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠬᠠᠷᠠᠯᠲᠠ ᠪᠠᠶᠢᠷᠢ ᠲᠣᠭᠲᠠᠭᠠᠯᠲᠠ ᠶᠢ ᠡᠳᠦᠷ ᠢᠷᠡᠬᠦᠶ᠎ᠡ ᠲᠡᠭᠦᠯᠳᠡᠷᠵᠢᠭᠦᠯᠵᠦ᠂ ᠲᠥᠯᠦᠪᠵᠢᠭᠦᠯᠭᠡ ᠪᠠᠶᠢᠷᠢᠰᠢᠭᠤᠯᠤᠯᠲᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ︽ᠭᠤᠷᠪᠠᠨ ᠬᠤᠲᠠ︾ ᠡᠯᠪᠡᠭ ᠦᠷ᠎ᠡ ᠪᠦᠲᠦᠭᠡᠯ ᠣᠯᠵᠤ᠂ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠤᠭ᠎ᠠ ᠬᠡᠮᠵᠢᠶ᠎ᠡ ᠶᠠᠰᠤ ᠴᠢᠨᠠᠷ ᠢ ᠵᠡᠷᠭᠡᠪᠡᠷ ᠳᠡᠭᠡᠭᠰᠢᠯᠡᠭᠦᠯᠵᠦ᠂ ︽ᠳᠥᠷᠪᠡᠨ ᠶᠡᠭᠡ ᠠᠵᠤ ᠠᠬᠤᠢ ᠶᠢᠨ ᠴᠠᠭᠠᠷᠢᠭ︾ ᠶᠢᠨ ᠡᠨᠧᠷᠭᠢ ᠬᠠᠳᠠᠭᠠᠯᠠᠬᠤ ᠨᠡᠮᠡᠭᠳᠡᠬᠦ ᠬᠠᠨᠳᠤᠰᠢ ᠢᠯᠡᠷᠡᠵᠦ᠂ ︽ᠵᠢᠷᠭᠤᠭᠠᠨ ᠣᠷᠣᠨ ᠪᠦᠰᠡ ᠶᠢᠨ ᠲᠥᠪ︾ ᠤᠨ ᠦᠷ᠎ᠡ ᠪᠦᠲᠦᠮᠵᠢ ᠢᠯᠡᠷᠬᠡᠢ ᠪᠣᠯᠵᠤ᠂ ︽ ᠲᠠᠪᠤᠨ ᠲᠣᠬᠢᠷᠠᠮᠵᠢᠲᠠᠢ︾ ᠬᠤᠲᠠ ᠶᠢ ᠯᠠᠪᠳᠠᠭᠤᠨ ᠢᠶᠠᠷ ᠠᠬᠢᠭᠤᠯᠵᠤ᠂ ᠨᠠᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠣᠷᠣᠨ ᠤ ᠲᠥᠪ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠪᠠᠰᠠ ᠨᠢᠭᠡ ᠰᠢᠨ᠎ᠡ ᠳᠡᠭᠲᠡᠷ ᠲᠤ ᠭᠠᠷᠭᠠᠭᠰᠠᠨ ᠪᠠᠶᠢᠨ᠎ᠠ ᠭᠡᠵᠦ ᠦᠵᠡᠵᠡᠭᠡᠪᠡ᠃           ᠪᠥᠬᠦᠳᠡ ᠬᠤᠷᠠᠯ ᠠᠴᠠ᠂ ᠢᠷᠡᠬᠦ ᠵᠢᠯ ᠤᠨ ᠠᠵᠢᠯ ᠢ ᠰᠠᠶᠢᠲᠤᠷ ᠬᠢᠬᠦ ᠳᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ᠂  ᠰᠢᠷᠭᠠᠭᠤ ᠬᠠᠲᠠᠭᠤᠵᠢᠯᠲᠠᠢ ᠠᠵᠢᠯᠯᠠᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ︽ ᠲᠠᠪᠤᠨ ᠶᠡᠭᠡ ᠡᠭᠦᠷᠭᠡ︾ ᠶᠢ ᠦᠷᠭᠦᠯᠵᠢᠯᠡᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃           ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠠᠵᠤ ᠦᠢᠯᠡᠰ ᠤᠨ ᠳᠡᠰ ᠳᠡᠪᠰᠢᠬᠦ ᠶᠢ ᠰᠠᠶᠢᠲᠤᠷ ᠠᠳᠬᠤᠬᠤ ᠬᠡᠷᠡᠭᠲᠡᠢ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠬᠤᠯᠪᠣᠯᠳᠤᠯ ᠢ ᠠᠬᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠪᠠ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠰᠢᠨ᠎ᠡ ᠮᠠᠲ᠋ᠧᠷᠢᠶᠠᠯ᠂ ᠤᠳᠤ ᠦᠶ᠎ᠡ ᠶᠢᠨ ᠲᠤᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ᠂ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠠᠵᠤ ᠦᠢᠯᠡᠰ ᠲᠤ ᠡᠨᠧᠷᠭᠢ ᠣᠯᠭᠤᠬᠤ ᠶᠢ ᠠᠬᠢᠭᠤᠯᠵᠤ᠂ ᠠᠵᠤ ᠦᠢᠯᠡᠰ ᠤᠨ ᠪᠥᠭᠡᠮᠨᠡᠷᠡᠯ ᠤᠨ ᠬᠤᠭᠤᠷᠣᠨᠳᠣᠬᠢ ᠬᠠᠷᠢᠯᠴᠠᠭ᠎ᠠ ᠶᠢ ᠨᠠᠪᠲᠠᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠱᠠᠭᠠᠷᠳᠠᠯᠭ᠎ᠠ ᠳᠤ ᠨᠡᠶᠢᠴᠡᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠵᠢᠯᠲᠡ ᠶᠢ ᠠᠬᠢᠭᠤᠯᠵᠤ᠂ ᠡᠮᠦᠨ᠎ᠡ ᠬᠡᠰᠡᠭ ᠲᠤ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠠᠭᠠᠷ ᠤᠨ ᠠᠵᠤ ᠠᠬᠤᠢ ᠶᠢᠨ ᠲᠣᠭᠤᠷᠢᠭ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠤᠲᠠ ᠶᠢᠨ ᠳᠡᠳ᠋ ᠲᠥᠪ ᠢ ᠪᠠᠶᠢᠭᠤᠯᠵᠤ᠂ ᠳᠤᠮᠳᠠ ᠬᠡᠰᠡᠭ ᠲᠤ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠡᠯᠡᠰᠦᠨ ᠨᠢᠷᠤᠭᠤ ᠪᠠᠷᠠᠭᠠᠨ ᠤ ᠭᠦᠢᠯᠭᠡᠭᠡ ᠶᠢᠨ ᠲᠣᠭᠤᠷᠢᠭ ᠢ ᠬᠤᠯᠪᠤᠭᠠᠯᠠᠨ ᠲᠡᠷᠢᠭᠦᠨ ᠤ ᠦᠢᠯᠡᠳᠬᠦ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠤᠮᠠᠷᠠᠲᠤ ᠬᠡᠰᠡᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠲᠠᠢ ᠬᠤᠯᠪᠤᠭᠠᠯᠠᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠦᠢᠯᠡᠰ ᠤᠨ ᠲᠥᠪᠯᠡᠷᠡᠯ ᠤᠨ ᠲᠣᠭᠤᠷᠢᠭ ᠢ ᠪᠠᠶᠢᠭᠤᠯᠵᠤ᠂ ᠬᠠᠲᠤᠨ ᠭᠤᠣᠯ ᠳᠠᠭᠠᠤ ᠭᠠᠵᠠᠷ ᠣᠷᠣᠨ ᠤ ᠲᠣᠭᠲᠠᠬᠤ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ ᠴᠢᠩ ᠱᠦᠢ ᠾᠧ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠪᠠ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠢ ᠬᠠᠮᠵᠢᠯᠴᠠᠨ ᠪᠠᠶᠢᠭᠤᠯᠬᠤ ᠬᠡᠷᠡᠭᠲᠡᠢ ᠭᠡᠵᠡᠢ᠃           ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠬᠡᠷᠡᠭᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢᠨ ᠱᠤᠭᠤᠮ ᠪᠦᠷᠢᠯᠳᠦᠬᠦ ᠶᠢ ᠠᠬᠢᠭᠤᠯᠵᠤ᠂ ︽ᠨᠢᠭᠡ ᠬᠤᠩᠭᠢᠯ ᠬᠤᠶᠠᠷ ᠲᠡᠩᠭᠡᠯᠢᠭ ᠲᠠᠪᠤᠨ ᠪᠦᠰᠡ︾ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠬᠤᠲᠠ ᠶᠢᠨ ᠬᠡᠪᠴᠢᠶᠡᠨ ᠤ ᠪᠣᠶ ᠪᠦᠬᠦᠢ ᠦᠵᠡᠮᠵᠢ ᠶᠢᠨ ᠣᠷᠣᠨ᠂ ᠰᠣᠶᠣᠯ ᠦᠵᠡᠰᠬᠦᠯᠡᠩ ᠤᠨ ᠣᠷᠳᠣᠨ᠂ ᠰᠦᠯᠵᠢᠶᠡᠨ ᠤ ᠰᠣᠳᠣᠨ ᠴᠡᠭ᠂ ᠣᠨᠴᠠᠯᠢᠭᠲᠤ ᠵᠡᠭᠡᠯᠢ ᠲᠣᠭᠤᠷᠢᠭ᠂ ᠬᠤᠳᠠᠯᠳᠤᠭᠠᠨ ᠤ ᠲᠠᠯᠠᠪᠤᠷ ᠪᠠ ᠵᠣᠴᠢᠳ ᠤᠨ ᠪᠠᠭᠤᠳᠠᠯ ᠬᠤᠭᠤᠯᠠᠨ ᠭᠡᠷ ᠵᠡᠷᠭᠡ ᠡᠬᠢ ᠪᠠᠶᠠᠯᠢᠭ ᠢ ᠬᠤᠯᠪᠣᠵᠤ᠂ ᠠᠩᠬᠠᠳᠤᠭᠠᠷ ᠠᠵᠤ ᠠᠬᠤᠢ᠂ ᠮᠥᠰᠥ ᠴᠠᠰᠤᠨ ᠤ ᠠᠵᠤ ᠠᠬᠤᠢ᠂ ᠪᠤᠭᠤᠷᠤᠯᠴᠤᠳ ᠤᠨ ᠠᠵᠤ ᠠᠬᠤᠢ᠂ ᠳᠠᠭᠤᠤ ᠶᠢᠨ ᠴᠤᠭᠯᠠᠭᠠᠨ᠂ ᠳᠠᠭᠤᠤ ᠬᠥᠭᠵᠢᠮ ᠤᠨ ᠨᠠᠶᠢᠷ᠂ ᠠᠮᠲᠠᠲᠤ ᠢᠳᠡᠭᠡᠨ ᠤ ᠨᠠᠶᠢᠷ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠢᠷᠠᠭᠤ ᠠᠯᠳᠠᠷ ᠪᠠ ᠠᠯᠳᠠᠷᠰᠢᠯ ᠤᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠡᠯᠪᠡᠷᠢᠵᠢᠭᠦᠯᠬᠦ ᠶᠢ ᠠᠬᠢᠭᠤᠯᠵᠤ᠂ ᠣᠯᠠᠨ ᠤᠯᠤᠰ ᠤᠨ ᠥᠨᠳᠥᠷ ᠬᠢᠷᠢ ᠲᠦᠪᠰᠢᠨ ᠪᠦᠬᠦᠢ ᠠᠵᠤ ᠠᠬᠤᠢ ᠠᠷᠠᠯᠵᠢᠶᠠᠨ ᠤ ᠳᠦᠷᠢᠮ ᠢᠶᠠᠷ ᠪᠠᠷᠢᠮᠵᠢᠶᠠᠯᠠᠨ᠂ ᠳᠦᠷᠢᠮ ᠤᠨ ᠬᠢᠵᠠᠭᠠᠷᠯᠠᠯ ᠢ ᠠᠷᠢᠯᠭᠠᠬᠤ᠂ ᠲᠠᠰ ᠳᠠᠷᠠᠭᠠᠯᠠᠯ ᠢ ᠳᠥᠭᠦᠮᠴᠢᠯᠡᠬᠦ᠂ ᠨᠡᠭᠡᠭᠡᠯᠲᠡ ᠬᠢᠵᠦ ᠵᠥᠪᠰᠢᠶᠡᠷᠡᠨ ᠣᠷᠣᠭᠤᠯᠬᠤ ᠵᠡᠷᠭᠡ ᠲᠠᠯ᠎ᠠ ᠪᠠᠷ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠨ ᠰᠢᠪᠲᠤᠯᠤᠯᠲᠠ ᠬᠢᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠲᠣᠭᠤᠷᠢᠭ᠂ ᠡᠯᠡᠰᠦᠨ ᠨᠢᠷᠤᠭᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠲᠢᠶᠧ ᠲᠦᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠠᠭᠠᠷ ᠠᠶᠠᠯᠠᠯ ᠤᠨ ᠪᠣᠭᠤᠮᠲᠠ ᠪᠠ ᠭᠤᠶᠤᠴᠢᠯᠠᠨ ᠮᠡᠳᠡᠭᠦᠯᠵᠦ ᠪᠠᠶᠢᠭ᠎ᠠ ᠴᠢᠯᠦᠭᠡᠲᠦ ᠠᠷᠠᠯᠵᠢᠶᠠᠨ ᠤ ᠲᠣᠭᠤᠷᠢᠭ ᠤᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠭᠤᠣᠯ ᠬᠦᠢᠰᠦ ᠶᠢ ᠪᠠᠶᠢᠭᠤᠯᠬᠤ ᠬᠡᠷᠡᠭᠲᠡᠢ ᠭᠡᠵᠡᠢ᠃           ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠰᠠᠶᠢᠲᠤᠷ ᠠᠳᠬᠤᠬᠤ ᠬᠡᠷᠡᠭᠲᠡᠢ᠃ ᠡᠬᠢ ᠪᠠᠶᠠᠯᠢᠭ ᠤᠨ ᠲᠣᠬᠢᠷᠠᠭᠤᠯᠤᠯᠲᠠ ᠳᠤᠮᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠭᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠵᠤ᠂ ᠵᠥᠪᠬᠡᠨ ᠵᠠᠰᠠᠭ ᠵᠠᠬᠢᠷᠭᠠᠨ ᠤ ᠵᠠᠷᠯᠢᠭ ᠲᠤ ᠲᠦᠰᠢᠭᠯᠡᠨ ᠠᠵᠢᠯ ᠢᠶᠠᠨ ᠠᠬᠢᠭᠤᠯᠬᠤ ᠳᠤ ᠨᠠᠶᠢᠳᠠᠬᠤ ᠶᠢ ᠡᠷᠡᠰ ᠠᠷᠢᠯᠭᠠᠵᠤ᠂ ᠠᠵᠤ ᠠᠬᠤᠶᠢᠯᠠᠯ ᠤᠨ ᠡᠳ᠋ ᠪᠠᠶᠠᠯᠢᠭ ᠢ ᠡᠭᠦᠳᠬᠦ ᠳᠤ ᠨᠡᠩ ᠤᠯᠠᠨ ᠠᠮᠢᠵᠢᠷᠠᠯ ᠤᠨ ᠬᠦᠴᠦᠨ ᠪᠠ ᠨᠡᠩ ᠶᠡᠭᠡ ᠣᠷᠣᠨ ᠵᠠᠢ ᠲᠠᠢ ᠪᠤᠯᠭᠠᠬᠤ ᠬᠡᠷᠡᠭᠲᠡᠢ᠃ ᠵᠠᠰᠠᠭ ᠤᠨ ᠣᠷᠳᠣᠨ ᠤ ᠲᠣᠬᠢᠷᠠᠭᠤᠯᠤᠨ ᠡᠵᠡᠮᠳᠡᠬᠦ ᠦᠢᠯᠡᠳᠦᠯ ᠢ ᠰᠠᠶᠢᠲᠤᠷ ᠬᠡᠷᠡᠭᠯᠡᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠡᠷᠬᠡ ᠲᠡᠭᠰᠢ ᠪᠠᠷ ᠥᠷᠢᠰᠦᠯᠳᠦᠬᠦ ᠶᠢ ᠪᠠᠲᠤᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠠᠶᠤᠯᠭᠦᠢ ᠦᠢᠯᠡᠳᠪᠦᠷᠢᠯᠡᠯ ᠢ ᠴᠢᠩᠭᠠᠳᠬᠠᠬᠤ ᠵᠡᠷᠭᠡ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠠᠵᠤ ᠠᠬᠤᠶᠢᠯᠠᠯᠲᠠᠨ ᠢ ᠬᠠᠯᠠᠮᠵᠢᠯᠠᠨ ᠳᠡᠮᠵᠢᠬᠦ ᠬᠡᠷᠡᠭᠲᠡᠢ᠃ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠠᠶᠢᠲᠤᠷ ᠰᠡᠷᠭᠡᠶᠢᠯᠡᠵᠦ᠂ ᠤᠯᠤᠰ ᠲᠥᠷᠥ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ ᠪᠠ ᠨᠡᠶᠢᠭᠡᠮ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠠᠮᠤᠷ ᠲᠦᠪᠰᠢᠨ ᠬᠥᠭᠵᠢᠯᠲᠡ ᠶᠢᠨ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠡᠢ᠃           ᠪᠦᠬᠦᠳᠡ ᠬᠤᠷᠠᠯ ᠠᠴᠠ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠦᠭᠰᠡᠨ ︽ ᠵᠢᠷᠭᠤᠭᠠᠨ ᠢᠨᠵᠧᠨᠧᠷᠢᠩ︾ ᠨᠢ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠳᠠᠭᠠᠭᠤᠯᠬᠤ ᠦᠢᠯᠡᠳᠦᠯ ᠲᠠᠢ ᠪᠠᠶᠢᠵᠤ᠂ ᠦᠷᠭᠦᠯᠵᠢᠯᠡᠨ ᠬᠦᠴᠦᠯᠡᠨ ᠠᠳᠬᠤᠬᠤ ᠬᠡᠷᠡᠭᠲᠡᠢ᠃ 2025 ᠣᠨ ᠳᠤ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠵᠤ ᠥᠷᠨᠢᠭᠦᠯᠬᠦ ︽ᠵᠢᠷᠭᠤᠭᠠᠨ ᠠᠵᠢᠯᠯᠠᠭ᠎ᠠ︾ ᠶᠢ ᠪᠥᠬᠦ ᠬᠦᠴᠦᠨ ᠢᠶᠠᠷ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠴᠢᠬᠤᠯᠠ ᠶᠡᠭᠡ ᠲᠥᠷᠥᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠳᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ ᠬᠦᠴᠦ ᠣᠷᠣᠭᠤᠯᠵᠤ᠂ ᠢᠯᠡᠭᠦᠬᠡᠨ ᠨᠥᠭᠡᠴᠡᠯᠡᠵᠦ᠂ ᠲᠦᠷᠭᠡᠨ ᠠᠵᠢᠯ ᠡᠬᠢᠯᠡᠭᠦᠯᠵᠦ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠡᠶᠡᠯᠡᠭᠦᠯᠬᠦ ᠬᠡᠷᠡᠭᠲᠡᠢ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠳᠤ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠵᠦ᠂ ᠪᠥᠬᠦ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠳᠤ ︽ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ ᠠᠵᠢᠯᠯᠠᠭ᠎ᠠ︾ ᠶᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠨᠠᠩ ᠣᠯᠠᠨ ᠬᠥᠮᠥᠰ ᠢ ᠲᠠᠲᠠᠨ ᠠᠵᠢᠯ ᠣᠯᠭᠤᠵᠤ᠂ ᠨᠠᠩ ᠣᠯᠠᠨ ᠬᠥᠮᠥᠰ ᠤᠨ ᠣᠷᠣᠨ ᠤ ᠲᠥᠪ ᠬᠤᠲᠠ ᠳᠤ ᠰᠠᠭᠤᠷᠢᠰᠢᠨ ᠦᠢᠯᠡᠰ ᠪᠣᠰᠬᠠᠬᠤ ᠶᠢ ᠲᠠᠲᠠᠬᠤ ᠬᠡᠷᠡᠭᠲᠡᠢ᠃ ᠤᠰᠤ ᠠᠷᠪᠢᠯᠠᠬᠤ ᠠᠵᠢᠯᠯᠠᠭ᠎ᠠ ᠳᠤ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠤᠰᠤ ᠬᠠᠩᠭᠠᠬᠤ ᠪᠠ ᠭᠠᠳᠠᠭᠰᠢᠯᠠᠭᠤᠯᠬᠤ ᠬᠠᠭᠤᠴᠢᠨ ᠬᠤᠭᠤᠯᠠᠢ ᠶᠢᠨ ᠲᠣᠣᠷ᠂ ᠬᠤᠶᠠᠳᠠᠭᠴᠢ ᠤᠰᠤ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢᠯᠡᠳᠪᠦᠷᠢ᠂ ᠬᠥᠳᠡᠭᠡ ᠲᠣᠰᠬᠤᠨ ᠪᠠ ᠬᠤᠲᠠ ᠪᠠᠯᠭᠠᠰᠤᠨ ᠤ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠳᠤ ᠣᠷᠣᠰ ᠮᠣᠩᠭᠤᠯ ᠡᠸᠦ᠋ᠷᠦᠫᠡ ᠶᠢᠨ ᠭᠠᠳᠠᠭᠠᠳᠤ ᠨᠡᠭᠡᠭᠡᠯᠲᠡ ᠶᠢ ᠥᠷᠭᠡᠵᠢᠭᠦᠯᠦᠨ᠂ ᠪᠡᠭᠡᠵᠢᠩ ᠲᠢᠶᠠᠨᠵᠢᠨ ᠾᠧᠪᠧᠢ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠤᠯᠤᠭᠰᠠᠨ ᠬᠥᠭᠵᠢᠯᠲᠡ ᠶᠢ ᠢᠳᠡᠪᠬᠢᠲᠡᠢ ᠬᠥᠲᠥᠯᠥᠨ ᠳᠠᠭᠠᠭᠤᠯᠵᠤ᠂ ᠣᠷᠣᠨ ᠤ ᠲᠥᠪ ᠬᠤᠲᠠ ᠶᠢᠨ ᠬᠠᠭᠠᠰ ᠴᠠᠭ ᠤᠨ ᠬᠤᠲᠠ ᠶᠢᠨ ᠴᠠᠭᠠᠷᠢᠭ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢᠨ ᠳᠡᠭᠡᠭᠰᠢᠯᠡᠭᠦᠯᠬᠦ ᠠᠵᠢᠯᠯᠠᠭ᠎ᠠ ᠳᠤ ᠰᠣᠶᠣᠯ ᠵᠢᠭᠤᠯᠴᠢᠯᠠᠯ᠂ ᠰᠣᠶᠣᠯ ᠲᠠᠮᠢᠷ᠂ ᠰᠣᠶᠣᠯ ᠦᠵᠡᠰᠬᠦᠯᠡᠩ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃           ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠲᠣᠣᠷᠵᠢᠭᠤᠯᠤᠭᠰᠠᠨ ᠬᠠᠮᠢᠶᠠᠷᠤᠯᠲᠠ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠠᠵᠢᠯᠲᠠᠨ ᠤ ᠣᠯᠭᠤᠮᠵᠢ ᠶᠢ ᠪᠠᠲᠤᠯᠠᠵᠤ᠂ ᠦᠨᠳᠦᠰᠦᠨ ᠱᠠᠲᠤᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ᠪᠣᠳᠠᠲᠠᠢ ᠠᠵᠢᠯᠯᠠᠬᠤ ᠤᠳᠤᠷᠢᠳᠤᠮᠵᠢ ᠶᠢ ᠪᠤᠢ ᠪᠣᠯᠭᠠᠵᠤ᠂ ᠠᠯᠳᠠᠭ᠎ᠠ ᠶᠢ ᠠᠭᠤᠴᠢᠯᠠᠨ ᠪᠤᠷᠤᠭᠤ ᠶᠢ ᠵᠠᠯᠠᠷᠠᠭᠤᠯᠬᠤ ᠲᠣᠭᠲᠠᠴᠠ ᠶᠢ ᠪᠦᠷᠢᠨᠰᠢᠭᠦᠯᠵᠦ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠳᠤᠷᠠᠲᠠᠶ᠎ᠠ ᠠᠵᠢᠯᠯᠠᠬᠤ᠂ ᠦᠨᠡᠨ ᠠᠵᠢᠯᠯᠠᠬᠤ᠂ ᠲᠦᠷᠭᠡᠨ ᠠᠵᠢᠯᠯᠠᠬᠤ ᠶᠢ ᠬᠡᠪ ᠰᠤᠷᠲᠠᠯ ᠪᠣᠯᠭᠠᠬᠤ ᠬᠡᠷᠡᠭᠲᠡᠢ᠃ ᠠᠯᠢᠪᠠ ᠬᠡᠯᠪᠡᠷᠢᠴᠢ ᠦᠵᠡᠯ ᠢ ᠡᠰᠡᠷᠭᠦᠴᠡᠵᠦ᠂ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠰᠡᠳᠬᠢᠯ ᠰᠠᠨᠠᠭ᠎ᠠ ᠪᠠᠨ ᠦᠨᠡᠨ ᠬᠦ ᠠᠵᠢᠯ ᠬᠢᠵᠦ ᠦᠢᠯᠡᠰ ᠪᠣᠰᠬᠠᠬᠤ ᠳᠡᠭᠡᠷ᠎ᠡ ᠬᠡᠷᠡᠭᠯᠡᠭᠦᠯᠬᠦ ᠬᠡᠷᠡᠭᠲᠡᠢ ᠭᠡᠪᠡ᠃           ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠢᠷᠡᠬᠦ ᠵᠢᠯ ᠤᠨ ᠡᠭᠦᠷᠭᠡ ᠬᠠᠷᠠᠯᠲᠠ ᠪᠠᠨ ᠪᠡᠶᠡᠯᠡᠭᠦᠯᠬᠦ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ ᠵᠣᠷᠢᠭ ᠰᠠᠨᠠᠭ᠎ᠠ ᠶᠢ ᠤᠬᠠᠵᠤ᠂ ᠲᠥᠷᠥ ᠶᠢᠨ ᠪᠣᠳᠣᠯᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠡᠮᠦᠨᠡᠬᠢ ᠬᠤᠭᠤᠴᠠᠭᠠᠨ ᠤ ᠠᠵᠢᠯ ᠢ ᠪᠣᠳᠠᠲᠠᠢ ᠪᠥᠭᠡᠳ ᠨᠠᠷᠢᠯᠢᠭ ᠬᠢᠵᠦ᠂ ᠳᠡᠭᠡᠳᠦ ᠱᠠᠲᠤᠨ ᠤ ᠳᠡᠮᠵᠢᠯᠭᠡ ᠶᠢ ᠢᠳᠡᠪᠬᠢᠲᠡᠢ ᠪᠠᠷ ᠲᠡᠮᠡᠴᠡᠨ ᠣᠯᠵᠤ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠶᠡᠭᠡ ᠲᠠᠯ᠎ᠠ ᠳᠤ ᠣᠷᠣᠭᠤᠯᠬᠤ ᠬᠡᠷᠡᠭᠲᠡᠢ᠃ ᠢᠲᠡᠭᠡᠯ ᠵᠣᠷᠢᠭ ᠢᠶᠠᠨ ᠬᠥᠪᠴᠢᠯᠡᠵᠦ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠠᠰᠠᠭᠤᠳᠠᠯ ᠢ ᠰᠢᠢᠳᠪᠦᠷᠢᠯᠡᠵᠦ᠂ ᠡᠯ᠎ᠡ ᠲᠠᠯ᠎ᠠ ᠶᠢᠨ ᠢᠳᠡᠪᠬᠢ ᠬᠦᠴᠦᠨ ᠵᠦᠢᠯ ᠢ ᠬᠥᠭᠵᠢᠯᠲᠡ ᠶᠢᠨ ᠪᠣᠳᠠᠲᠤ ᠠᠮᠵᠢᠯᠲᠠ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠢᠷᠡᠭᠡᠳᠦᠢ ᠳᠤ ᠰᠠᠭᠤᠷᠢᠯᠠᠨ ᠲᠥᠯᠥᠪᠵᠢᠭᠦᠯᠦᠨ ᠪᠠᠶᠢᠷᠢᠯᠠᠭᠤᠯᠵᠤ᠂ ᠴᠢᠳᠠᠪᠤᠷᠢᠲᠠᠨ ᠢ ᠰᠠᠶᠢᠲᠤᠷ ᠬᠡᠷᠡᠭᠯᠡᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠰᠢᠨ᠎ᠡ ᠬᠥᠭᠵᠢᠯᠲᠡ ᠶᠢᠨ ᠭᠠᠷᠤᠭ᠎ᠠ ᠳᠤ ᠥᠨᠳᠥᠷ ᠲᠤ ᠵᠣᠭᠰᠣᠨ ᠠᠯᠤᠰ ᠢ ᠪᠠᠷᠠᠯᠠᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠢᠷᠡᠭᠡᠳᠦᠢ ᠶᠢᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ ᠢ ᠬᠤᠷᠠᠮᠳᠤᠭᠤᠯᠬᠤ ᠬᠡᠷᠡᠭᠲᠡᠢ ᠭᠡᠪᠡ᠃      ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶ᠎ᠠ ᠶᠢᠨ ᠠᠵᠢᠯ ᠤᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠶᠠᠩ ᠵᠢᠶᠦ᠋ᠨ᠂ ᠶᠠᠩ ᠤᠷᠲᠤ᠂ ᠭᠤᠤ ᠯᠢ ᠹᠠᠩ᠂ ᠭᠦᠸᠧ ᠸᠧᠨ ᠭᠤᠸᠠᠩ᠂ ᠬᠠᠨ ᠸᠧᠨ ᠰᠢᠶᠠᠩ᠂ ᠬᠠᠨ ᠴᠢᠤᠸᠠᠨ ᠹᠧᠨ᠂ ᠼᠠᠢ ᠲᠢᠶᠧ ᠯᠧᠢ᠂ ᠰᠢᠤᠸᠠᠢ ᠬᠤᠩ ᠸᠧᠢ ᠵᠡᠷᠭᠡ 8 ᠨᠥᠬᠦᠷ ᠢ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ ᠢᠶᠠᠷ ᠨᠥᠬᠦᠪᠦᠷᠢᠯᠡᠬᠦ ᠪᠠᠷ ᠲᠣᠭᠲᠠᠪᠠ᠃           ᠪᠦᠬᠦᠳᠡ ᠬᠤᠷᠠᠯ ᠠᠴᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠴᠢᠷ ᠢ ᠲᠡᠰᠪᠦᠷᠢᠯᠡᠵᠦ ᠬᠠᠯᠠ ᠶᠢ ᠳᠠᠭᠠᠭᠠᠨ᠂ ᠵᠣᠷᠢᠭᠰᠠᠨ ᠳᠠᠭᠠᠨ ᠬᠦᠷᠬᠦ ᠪᠠᠷ ᠴᠤᠴᠠᠰᠢ ᠦᠭᠡᠢ ᠤᠷᠤᠭᠰᠢᠯᠠᠳᠠᠭ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠣᠨ ᠤ ᠲᠥᠪ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号