ᠬᠢᠯᠢ ᠬᠢᠵᠠᠭᠠᠷ ᠤᠨ 20 ᠬᠤᠰᠢᠭᠤ ᠰᠢᠶᠠᠨ ᠳᠤ ᠪᠦᠭᠦᠨ ᠢ ᠪᠦᠷᠬᠦᠭᠦᠯᠪᠡ
ᠨᠡᠶᠢᠲᠡᠯᠡᠭᠰᠡᠨ ᠴᠠᠭ᠄
2024/12/4
      ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠠᠴᠠ ᠣᠶᠢᠯᠠᠭᠠᠭᠰᠠᠨ ᠢᠶᠠᠷ᠂ 2022 ᠣᠨ ᠠᠴᠠ ᠨᠠᠭᠠᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠢᠳᠡᠪᠬᠢᠲᠡᠢ ᠵᠣᠬᠢᠴᠠᠭᠤᠯᠤᠯᠲᠠ ᠪᠠᠷ ᠳᠡᠮᠵᠢᠨ᠂ ᠳᠤᠮᠳᠠᠳᠤ ᠤᠯᠤᠰ ᠤᠨ ᠡᠮᠡᠭᠲᠡᠶᠢᠴᠦᠳ ᠤᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠮᠠᠨ ᠤ ᠣᠷᠣᠨ ᠳᠤ 41︽ᠡᠬᠡᠴᠦᠦᠯ ᠤᠨ ᠡᠷᠡᠭᠦᠯ ᠮᠡᠨᠳᠦ ᠶᠢᠨ ᠬᠤᠷᠳᠤᠨ ᠲᠡᠷᠭᠡ︾ ᠶᠢ ᠥᠭᠴᠦ᠂ ᠪᠦᠭᠦ ᠣᠷᠣᠨ ᠤ ᠬᠢᠯᠢ ᠬᠢᠵᠠᠭᠠᠷ ᠤᠨ 20 ᠬᠤᠰᠢᠭᠤ ᠰᠢᠶᠠᠨ ᠳᠤ ︽ᠡᠬᠡᠴᠦᠦᠯ ᠤᠨ ᠡᠷᠡᠭᠦᠯ ᠮᠡᠨᠳᠦ ᠶᠢᠨ ᠬᠤᠷᠳᠤᠨ ᠲᠡᠷᠭᠡ︾ ᠶᠢ ᠪᠦᠭᠦᠨ ᠢ ᠪᠦᠷᠬᠦᠭᠦᠯᠵᠡᠢ᠃      ᠣᠶᠢᠷ᠎ᠠ ᠶᠢᠨ ᠵᠢᠯ ᠤᠳ ᠲᠤ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠤᠭ᠎ᠠ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ᠢᠶᠠᠷ ᠳᠠᠮᠵᠢᠭᠤᠯᠤᠨ ᠥᠷᠭᠡᠨ ᠤᠯᠠᠨ ᠡᠮᠡᠭᠲᠡᠶᠢᠴᠦᠳ ᠪᠠ ᠭᠡᠷ ᠪᠦᠯᠢ ᠳᠤ ᠨᠠᠮ ᠤᠨ ᠬᠠᠶᠢᠷ᠎ᠠ ᠬᠠᠯᠠᠮᠵᠢ᠂ ᠡᠷᠡᠭᠦᠯ ᠮᠡᠨᠳᠦ ᠶᠢᠨ ᠮᠡᠳᠡᠯᠭᠡ᠂ ᠳᠣᠲᠣᠨᠣ ᠦᠢᠯᠡᠴᠢᠯᠡᠭᠡ ᠬᠦᠷᠭᠡᠵᠦ᠂ ᠡᠮᠡᠭᠲᠡᠶᠢᠴᠦᠳ ᠤᠨ ᠬᠦᠰᠡᠮᠵᠢᠯᠡᠵᠦ ᠪᠠᠶᠢᠭ᠎ᠠ ᠰᠡᠳᠬᠢᠯ ᠤᠨ︽ᠴᠢᠬᠤᠯᠠ ᠶᠠᠪᠤᠳᠠᠯ︾ ᠢ ᠰᠠᠶᠢᠲᠤᠷ ᠰᠢᠢᠳᠪᠦᠷᠢᠯᠡᠵᠦ᠂ ᠡᠮᠡᠭᠲᠡᠶᠢᠴᠦᠳ ᠬᠡᠦᠬᠡᠳ  ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠡ ᠦᠭᠡᠢ ᠨᠡᠮᠡᠭᠳᠡᠭᠦᠯᠵᠡᠢ᠃     ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ 2022 ᠣᠨ ᠠᠴᠠ ᠨᠠᠭᠠᠰᠢ ︽ᠡᠬᠡᠴᠦᠦᠯ ᠤᠨ ᠡᠷᠡᠭᠦᠯ ᠮᠡᠨᠳᠦ ᠶᠢᠨ ᠬᠤᠷᠳᠤᠨ ᠲᠡᠷᠭᠡ︾ ᠶᠢ ᠨᠡᠶᠢᠲᠡ 845 ᠤᠳᠠᠭ᠎ᠠ ᠬᠥᠳᠡᠯᠭᠡᠵᠦ᠂ ᠵᠢᠷᠮᠦᠰᠦᠯᠡᠭᠰᠡᠨ ᠪᠠ ᠬᠥᠩᠭᠡᠵᠢᠬᠦ ᠡᠮᠡᠭᠲᠡᠢ ᠵᠢᠴᠢ ᠬᠦᠨᠳᠦ ᠲᠦᠭᠰᠢᠭᠦᠷᠢᠲᠡᠢ ᠡᠪᠡᠳᠴᠢᠲᠡᠨ ᠢ 7 ᠬᠥᠮᠥᠨ ᠤᠳᠠᠭ᠎ᠠ ᠰᠢᠯᠵᠢᠭᠦᠯᠦᠨ ᠵᠥᠭᠡᠭᠡᠪᠦᠷᠢᠯᠡᠵᠦ᠂ 307 ᠡᠪᠡᠳᠴᠢᠲᠡᠨ ᠢ ᠠᠪᠤᠷᠠᠨ ᠲᠤᠰᠠᠯᠠᠵᠤ᠂ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠢ 2 ᠲᠦᠮᠡ ᠰᠢᠬᠠᠮ ᠬᠥᠮᠥᠨ ᠤᠳᠠᠭ᠎ᠠ ᠥᠷᠨᠢᠭᠦᠯᠵᠦ᠂ 205 ᠬᠥᠮᠥᠨ ᠤᠳᠠᠭ᠎ᠠ ᠳᠤ ᠪᠣᠯᠪᠠᠰᠤᠷᠠᠯ ᠬᠦᠷᠲᠡᠭᠡᠵᠦ᠂ ᠠᠯᠪᠠᠨ ᠵᠢᠷᠤᠮ ᠤᠨ ᠡᠮᠴᠢᠯᠡᠭᠡᠨ ᠤ ᠠᠰᠠᠭᠤᠨ ᠯᠠᠪᠯᠠᠭ᠎ᠠ ᠶᠢ 2 ᠲᠦᠮᠡ ᠰᠢᠬᠠᠮ ᠬᠥᠮᠥᠨ ᠤᠳᠠᠭ᠎ᠠ ᠥᠷᠨᠢᠭᠦᠯᠵᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠬᠦᠷᠴᠦ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠶᠢ 1.76 ᠲᠦᠮᠡᠨ ᠬᠥᠮᠥᠨ ᠤᠳᠠᠭ᠎ᠠ ᠥᠷᠨᠢᠭᠦᠯᠦᠭᠰᠡᠨ ᠪᠠᠶᠢᠨ᠎ᠠ᠃ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号