ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠᠷ ᠮᠥᠩᠭᠦᠨ ᠭᠦᠢᠯᠭᠡᠭᠡᠨ ᠤ ᠦᠢᠯᠡᠴᠢᠯᠡᠭᠡᠨ ᠢᠶᠠᠨ ᠦᠷᠭᠦᠯᠵᠢᠯᠡᠨ ᠠᠬᠢᠭᠤᠯᠤᠨ᠎ᠠ
ᠨᠡᠶᠢᠲᠡᠯᠡᠭᠰᠡᠨ ᠴᠠᠭ᠄
2024/12/4
      ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ᠂ ᠲᠦᠷᠦᠭᠦᠤ ᠭᠤᠷᠪᠠᠨ ᠤᠯᠠᠷᠢᠯ ᠳᠤ᠂ ᠪᠥᠬᠦ ᠣᠷᠣᠨ ᠤ ᠬᠡᠪᠴᠢᠶᠡᠨ ᠳᠤ ᠰᠠᠭᠠᠳ ᠦᠭᠡᠢ ᠨᠡᠪᠲᠡᠷᠡᠭᠦᠯᠦᠭᠰᠡᠨ ᠪᠡᠯᠡ ᠲᠣᠬᠢᠷᠠᠭᠤᠯᠭ᠎ᠠ ᠶᠢᠨ ᠦᠯᠡᠳᠡᠪᠦᠷᠢ ᠲᠤᠭ᠎ᠠ ᠨᠢ S200 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠨ᠂ ᠪᠣᠬᠢᠷᠲᠤᠯ ᠦᠭᠡᠢ ᠠᠵᠤ ᠦᠢᠯᠡᠰ ᠲᠤ ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠬᠤ ᠪᠠᠷ 12.27 ᠲᠦᠮᠡᠨ ᠳ᠋ᠦᠩᠰᠢᠭᠤᠷ ᠲᠥᠭᠦᠷᠢᠭ ᠢ ᠳᠠᠪᠠᠭᠤᠯᠵᠤ᠂ ᠲᠥᠯᠥᠪᠦᠷᠢ ᠥᠭᠭᠦᠭᠰᠡᠨ ᠵᠠᠷᠤᠯᠭ᠎ᠠ 25 ᠳ᠋ᠦᠩᠰᠢᠭᠤᠷ ᠲᠥᠭᠦᠷᠢᠭ ᠢ ᠳᠠᠪᠠᠪᠠ᠃ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠲᠠᠯ᠎ᠠ ᠪᠠᠷ᠂ ᠬᠢᠯᠢ ᠶᠢᠨ ᠬᠠᠮᠠᠭᠠᠯᠠᠯᠲᠠ ᠶᠢᠨ 619 ᠥᠷᠲᠡᠭᠡ ᠬᠢᠭᠡᠳ ᠮᠥᠩᠭᠦᠨ ᠭᠦᠢᠯᠭᠡᠭᠡᠨ ᠤ 307 ᠦᠢᠯᠡᠴᠢᠯᠡᠭᠡᠨ ᠤ ᠴᠡᠭ ᠢ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠢᠯᠢ ᠶᠢᠨ ᠬᠠᠮᠠᠭᠠᠯᠠᠯᠲᠠ ᠶᠢᠨ 3000 ᠭᠠᠷᠤᠢ ᠠᠷᠠᠳ ᠤᠨ ᠲᠤᠰᠠᠯᠠᠬᠤ ᠴᠠᠭᠳᠠᠭ᠎ᠠ᠂ ᠬᠢᠯᠢ ᠶᠢᠨ ᠬᠠᠮᠠᠭᠠᠯᠠᠭᠴᠢ᠂ ᠬᠢᠯᠢ ᠶᠢᠨ ᠠᠷᠠᠳ ᠲᠤ 26.45 ᠳ᠋ᠦᠩᠰᠢᠭᠤᠷ ᠲᠥᠭᠦᠷᠢᠭ ᠤᠨ ᠠᠶᠤᠯ ᠲᠦᠭᠰᠢᠭᠦᠷᠢ ᠶᠢᠨ ᠪᠠᠲᠤᠯᠠᠭ᠎ᠠ ᠬᠠᠩᠭᠠᠪᠠ᠃ ᠤᠯᠤᠰ ᠤᠨ ᠴᠢᠬᠤᠯᠠ ᠡᠨᠧᠷᠭᠢ ᠶᠢᠨ ᠪᠠ ᠴᠢᠬᠤᠯᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ᠂ ᠡᠨᠧᠷᠭᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠮᠥᠩᠭᠦᠨ ᠭᠦᠢᠯᠭᠡᠭᠡᠨ ᠢᠶᠠᠷ ᠳᠡᠮᠵᠢᠬᠦ ᠶᠢ ᠴᠢᠩᠭᠠᠳᠬᠠᠵᠤ᠂ ᠡᠨᠧᠷᠭᠢ ᠶᠢᠨ ᠠᠵᠤ ᠦᠢᠯᠡᠰ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 7366 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 1302 ᠳ᠋ᠦᠩᠰᠢᠭᠤᠷ ᠲᠥᠭᠦᠷᠢᠭ ᠨᠡᠮᠡᠭᠳᠡᠪᠡ᠃ ᠤᠯᠤᠰ ᠤᠨ ᠴᠢᠬᠤᠯᠠ ᠮᠠᠯ ᠲᠠᠷᠢᠶᠠᠯᠠᠩ ᠤᠨ ᠭᠠᠷᠤᠯᠲᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ᠂ ᠰᠦ ᠶᠢᠨ ᠦᠢᠯᠡᠰ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠮᠥᠩᠭᠦᠨ ᠭᠦᠢᠯᠭᠡᠭᠡᠨ  ᠢᠶᠠᠷ ᠬᠦᠴᠢᠷᠳᠡᠯ ᠢ ᠨᠢ ᠰᠢᠢᠳᠪᠦᠷᠢᠯᠡᠭᠦᠯᠬᠦ ᠦᠢᠯᠡᠴᠢᠯᠡᠭᠡ ᠶᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠵᠢᠭᠡᠯᠡᠯᠭᠡ ᠶᠢᠨ ᠦᠯᠡᠳᠡᠪᠦᠷᠢ ᠲᠤᠭ᠎ᠠ ᠨᠢ 3170 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠡᠬᠢᠨ ᠤ ᠬᠢ ᠠᠴᠠ 323 ᠳ᠋ᠦᠩᠰᠢᠭᠤᠷ ᠲᠥᠭᠦᠷᠢᠭ ᠨᠡᠮᠡᠭᠳᠡᠪᠡ︔ ᠪᠥᠬᠦ ᠣᠷᠣᠨ ᠤ ᠪᠣᠶ ᠪᠦᠬᠦᠢ ᠬᠤᠰᠢᠭᠤ ᠰᠢᠶᠠᠨ ᠤ ᠠᠮᠤ ᠪᠤᠳᠠᠭᠠᠨ ᠤ ᠭᠤᠷᠪᠠᠨ ᠲᠣᠮᠣ ᠭᠤᠣᠯ ᠲᠠᠷᠢᠮᠠᠯ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠬᠦ ᠪᠠᠷ ᠠᠬᠢᠭᠤᠯᠤᠨ᠎ᠠ᠃ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠳ᠋ᠦᠩᠨᠡᠨ ᠪᠤᠳᠤᠬᠤ᠂ ᠪᠡᠯᠡ ᠲᠣᠬᠢᠷᠠᠭᠤᠯᠬᠤ ᠵᠡᠷᠭᠡ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠪᠠᠷ ᠪᠠᠭᠤᠯᠭᠠᠭᠰᠠᠨ ᠪᠡᠯᠡ ᠮᠥᠩᠭᠦ ᠨᠢ 51 ᠳ᠋ᠦᠩᠰᠢᠭᠤᠷ ᠲᠥᠭᠦᠷᠢᠭ ᠢ ᠳᠠᠪᠠᠪᠠ᠃ ︵ᠥᠪᠥᠷ ᠮᠣᠩᠭᠤᠯ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号