| | | | ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ | ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠶ᠎ᠡ | | | | | - ᠶᠡᠷᠦᠩᠬᠡᠢ ᠱᠦᠵᠢ ᠰᠢ ᠶᠢᠨ ᠫᠢᠩ ᠤᠨ ᠳᠥᠷᠪᠡᠳᠦᠭᠡᠷ | ᠤᠳᠠᠭᠠᠨ ᠤ ︽ᠨᠢᠭᠡ ᠪᠦᠰᠡ ᠨᠢᠭᠡ ᠵᠠᠮ︾ ᠤᠨ ᠪᠦᠲᠦᠭᠡᠨ | | | | | ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠰᠤᠷᠤᠯᠴᠠᠨ | ᠲᠤᠭᠤᠰᠢᠯᠠᠭᠤᠯᠬᠤ ᠲᠤᠬᠠᠢ ᠥᠭᠦᠯᠡᠬᠦ ᠨᠢ | | | | ᠬᠥᠭᠡᠭᠡᠴᠡᠯᠳᠦᠵᠦ ᠪᠠᠶᠢᠭ᠎ᠠ ᠨᠢ ᠬᠥᠭᠵᠢᠯᠲᠡ᠂ ᠡᠷᠬᠢᠮᠯᠡᠵᠦ ᠪᠠᠶᠢᠭ᠎ᠠ ᠨᠢ ᠬᠠᠮᠲᠤ ᠶᠢᠨ ᠢᠯᠠᠯᠲᠠ᠂ ᠳᠠᠮᠵᠢᠭᠤᠯᠵᠤ | ᠪᠠᠶᠢᠭ᠎ᠠ ᠨᠢ ᠢᠲᠡᠭᠡᠯ ᠪᠣᠯᠣᠨ᠎ᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠲᠡᠦᠬᠡ ᠶᠢᠨ | ᠵᠥᠪ ᠲᠠᠯ᠎ᠠ ᠳᠤ ᠵᠣᠭᠰᠣᠵᠤ᠂ ᠴᠠᠭ ᠦᠶ᠎ᠡ ᠶᠢᠨ ᠳᠠᠪᠰᠢᠯᠲᠠ ᠶᠢᠨ ᠯᠣᠭᠢᠭ ᠲᠤ ᠨᠡᠶᠢᠴᠡᠨ᠎ᠡ᠃ | | 12 ᠳ᠋ᠤᠭᠠᠷ ᠰᠠᠷ᠎ᠠ ᠶᠢᠨ 2 ᠤᠨ ᠡᠳᠦᠷ ᠬᠤᠷᠠᠯᠳᠤᠭᠤᠯᠤᠭᠰᠠᠨ ᠳᠥᠷᠪᠡᠳᠦᠭᠡᠷ ᠤᠳᠠᠭᠠᠨ ᠤ ︽ᠨᠢᠭᠡ ᠪᠦᠰᠡ ᠨᠢᠭᠡ | ᠵᠠᠮ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠪᠠ | ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠯᠡᠬᠦ | ᠥᠨᠳᠥᠷᠴᠡ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠣᠯᠣᠭᠰᠠᠨ ᠴᠢᠬᠤᠯᠠ ᠶᠡᠭᠡ | ᠠᠮᠵᠢᠯᠲᠠ ᠶᠢ ᠭᠦᠢᠴᠡᠳ ᠨᠤᠲᠠᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠳᠠᠬᠢ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠦᠬᠦ ᠲᠠᠯ᠎ᠠ ᠶᠢᠨ | ᠪᠠᠶᠢᠷᠢᠯᠠᠭᠤᠯᠤᠯᠲᠠ ᠬᠢᠵᠦ᠂ ︽ᠪᠢᠳᠡ ᠪᠠᠶᠢᠯᠳᠤᠬᠤ ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ︿ᠨᠢᠭᠡ | ᠪᠦᠰᠡ ᠨᠢᠭᠡ ᠵᠠᠮ﹀ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠨᠡᠩ ᠭᠡᠭᠡᠨ ᠰᠠᠷᠠᠭᠤᠯ ᠢᠷᠡᠭᠡᠳᠦᠢ ᠶᠢ ᠨᠡᠭᠡᠭᠡᠬᠦ ᠬᠡᠷᠡᠭᠲᠡᠢ︾ | ᠭᠡᠵᠦ ᠴᠢᠬᠤᠯᠠᠴᠢᠯᠠᠪᠠ᠃ | | 2013 ᠣᠨ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠶᠢ | ᠡᠭᠦᠳᠦᠯᠲᠡ ᠶᠢᠨ ᠴᠢᠨᠠᠷᠲᠠᠢ ᠳᠤᠷᠠᠳᠤᠭᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠷᠢᠳ ᠬᠤᠵᠢᠳ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ᠂ | ᠵᠠᠷᠴᠢᠮ ᠣᠨᠣᠯᠵᠢᠬᠤᠨ᠂ ᠬᠠᠷᠠᠯᠲᠠ ᠡᠭᠦᠷᠭᠡ᠂ ᠠᠷᠭ᠎ᠠ ᠵᠠᠮ ᠵᠡᠷᠭᠡ ᠶᠢᠨ ᠲᠤᠬᠠᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ | ︽ᠨᠢᠭᠡ ᠪᠦᠰᠡ ᠨᠢᠭᠡ ᠵᠠᠮ︾ ᠤᠨ ᠬᠠᠮᠲᠤ ᠪᠠᠷ ᠪᠦᠲᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠲᠡᠶᠢᠰᠢ | ᠬᠥᠲᠥᠯᠥᠨ ᠵᠢᠯᠣᠭᠤᠳᠪᠠ᠃ 11 ᠵᠢᠯ ᠤᠨ ᠲᠤᠷᠰᠢᠲᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠳᠤ ᠡᠩᠬᠡ ᠲᠠᠶᠢᠪᠤᠩ ᠬᠠᠮᠲᠤᠷᠠᠯᠴᠠᠭ᠎ᠠ᠂ ᠨᠡᠭᠡᠭᠡᠯᠲᠡᠲᠤ ᠪᠠᠭᠲᠠᠭᠠᠮᠵᠢᠲᠠᠢ᠂ ᠬᠠᠷᠢᠯᠴᠠᠨ ᠰᠤᠷᠤᠯᠴᠠᠵᠤ ᠬᠠᠷᠢᠯᠴᠠᠨ | ᠲᠣᠯᠢᠯᠠᠬᠤ᠂ ᠬᠠᠷᠢᠯᠴᠠᠨ ᠠᠰᠢᠭᠲᠠᠢ ᠬᠠᠮᠲᠤ ᠪᠠᠷ ᠢᠯᠠᠬᠤ ᠲᠣᠷᠭᠠᠨ ᠵᠠᠮ ᠤᠨ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ | ᠬᠠᠮᠲᠤ ᠪᠠᠷ ᠵᠥᠪᠳᠡᠯᠴᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠬᠦᠷᠲᠡᠬᠦ ᠵᠠᠷᠴᠢᠮ ᠢ ᠢᠮᠠᠭᠲᠠ ᠪᠠᠷᠢᠮᠲᠠᠯᠠᠵᠤ᠂ | ᠬᠠᠮᠲᠤᠷᠠᠯᠴᠠᠭᠠᠨ ᠤ ᠬᠦᠷᠢᠶ᠎ᠡ ᠪᠠᠨ ᠲᠠᠰᠤᠷᠠᠯᠲᠠ ᠦᠭᠡᠢ ᠥᠷᠭᠡᠳᠬᠡᠨ᠂ ᠬᠠᠮᠲᠤᠷᠠᠯᠴᠠᠭᠠᠨ ᠤ ᠬᠡᠪᠴᠢᠶ᠎ᠡ ᠪᠠᠨ ᠲᠠᠰᠤᠷᠠᠯᠲᠠ | ᠦᠭᠡᠢ ᠶᠡᠬᠡᠰᠬᠡᠵᠦ᠂ ᠬᠠᠮᠲᠤᠷᠠᠯᠴᠠᠭᠠᠨ ᠤ ᠲᠡᠰ ᠳᠠᠪᠬᠤᠷᠭ᠎ᠠ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠡᠯᠡᠬᠡᠢ | ᠨᠡᠶᠢᠲᠡ ᠶᠢ ᠤᠷᠢᠶᠠᠯᠠᠬᠤ ᠬᠦᠴᠦᠨ᠂ ᠨᠥᠯᠥᠭᠡᠯᠡᠬᠦ ᠬᠦᠴᠦᠨ᠂ ᠨᠢᠭᠲᠠᠷᠠᠭᠤᠯᠬᠤ ᠬᠦᠴᠦᠨ ᠢᠶᠠᠨ ᠲᠠᠰᠤᠷᠠᠯᠲᠠ ᠦᠭᠡᠢ | ᠴᠢᠩᠭᠠᠷᠠᠭᠤᠯᠪᠠ᠃ ᠮᠠᠨ ᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠵᠦ ᠡᠬᠢᠯᠡᠭᠰᠡᠨ ᠤ ᠲᠠᠷᠠᠭ᠎ᠠ ᠳᠤᠷᠠᠳᠤᠭᠰᠠᠨ | ᠠᠩᠬᠠᠳᠠᠭᠴᠢ ᠪᠦᠬᠦ ᠪᠥᠮᠪᠥᠷᠴᠡᠭ ᠤᠨ ᠴᠢᠨᠠᠷᠲᠠᠢ᠂ ᠥᠷᠭᠡᠨ ᠬᠡᠪᠴᠢᠶᠡᠨ ᠤ᠂ ᠪᠦᠬᠦ ᠲᠠᠯ᠎ᠠ ᠶᠢᠨ ᠤᠯᠠᠨ ᠤᠯᠤᠰ ᠤᠨ ᠠᠵᠤ | ᠠᠬᠤᠢ ᠶᠢᠨ ᠬᠠᠮᠲᠤᠷᠠᠯᠴᠠᠭᠠᠨ ᠤ ᠰᠠᠨᠠᠭᠠᠴᠢᠯᠠᠭ᠎ᠠ ᠪᠣᠯᠤᠭᠰᠠᠨ ᠤ ᠬᠤᠪᠢ ᠳᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠨᠢ ᠨᠢᠭᠡᠨᠲᠡ ᠪᠦᠬᠦ ᠪᠥᠮᠪᠥᠷᠴᠡᠭ ᠤᠨ ᠬᠡᠪᠴᠢᠶ᠎ᠡ ᠪᠠᠷ ᠬᠠᠮᠤᠭ ᠤᠨ ᠶᠡᠭᠡ᠂ ᠬᠦᠷᠢᠶ᠎ᠡ ᠪᠠᠷ ᠬᠠᠮᠤᠭ ᠤᠨ | ᠥᠷᠭᠡᠨ᠂ ᠨᠥᠯᠥᠭᠡ ᠪᠠᠷ ᠬᠠᠮᠤᠭ ᠤᠨ ᠭᠦᠨ ᠪᠠᠶᠢᠭ᠎ᠠ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠠᠪᠴᠠᠩ | ᠪᠣᠯᠵᠤ᠂ ᠤᠯᠤᠰ ᠯᠤᠭ᠎ᠠ ᠶᠢᠨ ᠨᠥᠬᠦᠷᠯᠡᠯ ᠢ ᠵᠤᠵᠠᠭᠠᠳᠬᠠᠵᠤ᠂ ᠤᠯᠤᠰ ᠯᠤᠭ᠎ᠠ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠭᠠᠷᠭᠠᠪᠠ | ᠃ | | ᠠᠷᠪᠠᠨ ᠨᠢᠭᠡᠨ ᠵᠢᠯ ᠤᠨ ᠲᠤᠷᠰᠢᠲᠠ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ | ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ | ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠢ ᠪᠣᠶ ᠪᠣᠯᠭᠠᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ | ᠥᠷᠭᠡᠳᠬᠡᠬᠦ ᠳᠤ ᠴᠢᠬᠤᠯᠠ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠯᠭ᠎ᠠ ᠬᠠᠩᠭᠠᠪᠠ᠃ ᠪᠢᠳᠡ ︽ᠨᠢᠭᠡ ᠪᠦᠰᠡ ᠨᠢᠭᠡ ᠵᠠᠮ︾ | ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠦᠢᠯᠡᠳᠦᠯᠭᠡ ᠶᠢᠨ ᠲᠠᠪᠴᠠᠩ ᠪᠣᠯᠭᠠᠵᠤ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠵᠤ᠂ ᠣᠯᠠᠩᠬᠢ ᠤᠯᠤᠰ ᠪᠠ ᠭᠠᠵᠠᠷ ᠣᠷᠣᠨ ᠯᠤᠭ᠎ᠠ ᠬᠤᠶᠠᠷ | ᠲᠠᠯ᠎ᠠ ᠵᠢᠴᠢ ᠣᠷᠣᠨ ᠪᠦᠰᠡ ᠶᠢᠨ ᠴᠢᠨᠠᠷᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠬᠥᠮᠥᠰ ᠤᠨ ᠰᠡᠳᠬᠢᠯ ᠳᠤ ᠬᠠᠳᠠᠩᠰᠢᠭᠤᠯᠪᠠ᠃ | 150 ᠭᠠᠷᠤᠢ ᠤᠯᠤᠰ᠂ 30 ᠭᠠᠷᠤᠢ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠯᠤᠭ᠎ᠠ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ | ᠬᠠᠮᠲᠤᠷᠠᠯᠴᠠᠬᠤ ᠬᠠᠨᠢᠲᠠᠳ ᠤᠨ ᠬᠠᠷᠢᠯᠴᠠᠭᠠᠨ ᠤ ᠲᠣᠣᠷ ᠢᠶᠠᠨ ᠲᠠᠰᠤᠷᠠᠯᠲᠠ ᠦᠭᠡᠢ ᠥᠷᠭᠡᠳᠬᠡᠪᠡ᠃ ᠣᠷᠣᠨ ᠪᠦᠰᠡ ᠶᠢᠨ | ᠨᠡᠭᠡᠭᠡᠯᠲᠡ ᠶᠢ ᠭᠦᠨᠵᠡᠭᠡᠢ ᠠᠬᠢᠭᠤᠯᠵᠤ᠂ ᠣᠷᠣᠨ ᠪᠦᠰᠡ ᠶᠢᠨ ᠨᠡᠭᠡᠭᠡᠯᠲᠡ ᠬᠢᠬᠦ ᠪᠠᠶᠢᠷᠢᠰᠢᠭᠤᠯᠤᠯᠲᠠ ᠶᠢ ᠬᠦᠴᠦᠯᠡᠨ | ᠰᠢᠯᠢᠳᠡᠭᠵᠢᠭᠦᠯᠵᠦ᠂ ᠲᠡᠯᠡᠶ ᠳᠠᠭᠠᠤ ᠣᠷᠣᠨ ᠢᠶᠠᠷ ᠨᠡᠭᠡᠭᠡᠯᠲᠡ ᠬᠢᠬᠦ ᠬᠢᠭᠡᠳ ᠳᠣᠲᠣᠭᠠᠳᠤ ᠬᠠᠭᠤᠷᠠᠢ ᠶᠢᠨ ᠬᠢᠯᠢ ᠳᠠᠭᠠᠤ | ᠨᠡᠭᠡᠭᠡᠯᠲᠡ ᠬᠢᠬᠦ ᠶᠢ ᠬᠠᠷᠢᠯᠴᠠᠨ ᠠᠬᠢᠭᠤᠯᠵᠤ᠂ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠂ ᠳᠣᠲᠣᠭᠠᠳᠤ ᠬᠠᠭᠤᠷᠠᠢ ᠶᠢᠨ ᠪᠠ | ᠳᠠᠯᠠᠢ ᠳᠠᠭᠠᠤ ᠶᠢᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠤᠭᠠᠯᠠᠨ ᠬᠥᠳᠡᠯᠦᠯᠴᠡᠭᠰᠡᠨ᠂ ᠵᠡᠭᠦᠨᠰᠢ ᠪᠠᠷᠠᠭᠤᠨᠰᠢ | ᠬᠤᠣᠰ ᠴᠢᠭᠯᠡᠯ ᠢᠶᠠᠷ ᠲᠤᠰᠠᠯᠠᠯᠴᠠᠭᠰᠠᠨ ᠪᠥᠬᠦ ᠲᠠᠯ᠎ᠠ ᠪᠠᠷ ᠨᠡᠭᠡᠭᠡᠯᠲᠡ ᠬᠢᠬᠦ ᠲᠥᠯᠥᠪ ᠪᠠᠶᠢᠳᠠᠯ ᠢ ᠪᠣᠶ ᠪᠣᠯᠭᠠᠪᠠ᠃ 30 | ᠤᠯᠤᠰ ᠪᠠ ᠭᠠᠵᠠᠷ ᠣᠷᠣᠨ ᠯᠤᠭ᠎ᠠ ᠴᠢᠯᠦᠭᠡᠲᠦ ᠠᠷᠠᠯᠵᠢᠶᠠᠨ ᠤ 23 ᠵᠥᠪᠯᠡᠯᠴᠡᠭᠡᠷ ᠲᠤ ᠭᠠᠷ ᠤᠨ ᠦᠰᠦᠭ | ᠵᠢᠷᠤᠭᠰᠠᠨ ᠠᠴᠠ ᠪᠦᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶ᠎ᠠ ᠲᠠᠢ ᠴᠢᠯᠦᠭᠡᠲᠦ ᠠᠷᠠᠯᠵᠢᠶᠠᠨ ᠤ | ᠣᠷᠣᠨ ᠤ ᠲᠣᠣᠷ ᠢ ᠯᠠᠪᠳᠠᠭᠤᠨ ᠢᠶᠠᠷ ᠥᠷᠭᠡᠳᠬᠡᠬᠦ ᠬᠦᠷᠲᠡᠯ᠎ᠡ᠂ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢᠨ | ᠨᠠᠵᠠᠭᠠᠢ ᠵᠦᠢᠯᠡᠰ ᠤᠨ ᠨᠠᠷᠢᠨ ᠲᠠᠩᠰᠠ ᠶᠢ ᠦᠷᠭᠦᠯᠵᠢᠯᠡᠨ ᠪᠠᠭᠠᠰᠬᠠᠬᠤ ᠠᠴᠠ ᠳᠤᠮᠳᠠᠳᠤ ᠤᠯᠤᠰ ᠯᠤᠭ᠎ᠠ ᠭᠠᠳᠠᠭᠠᠳᠤ | ᠬᠠᠷᠢᠯᠴᠠᠭ᠎ᠠ ᠪᠠᠶᠢᠭᠤᠯᠤᠭᠰᠠᠨ ᠬᠠᠮᠤᠭ ᠤᠨ ᠬᠥᠭᠵᠢᠭᠡᠳᠦᠢ ᠤᠯᠤᠰ ᠤᠳ ᠤᠨ 100% ᠶᠢᠨ ᠭᠠᠶᠢᠯᠢ ᠶᠢᠨ ᠲᠦᠷᠦᠯ ᠤᠨ | ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠬᠡᠯᠲᠦᠷᠢᠭᠦᠯᠬᠦ ᠬᠠᠷᠠᠭᠠᠯᠵᠠᠯ ᠣᠯᠭᠤᠬᠤ ᠬᠦᠷᠲᠡᠯ᠎ᠡ ᠁ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠳᠠᠮᠵᠢᠭᠤᠯᠤᠨ᠂ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠶᠢᠨ | ᠡᠭᠦᠳᠡ ᠶᠠᠪᠤᠬᠤ ᠲᠤᠲᠤᠮ ᠶᠡᠬᠡᠰᠴᠦ᠂ ᠨᠡᠭᠡᠭᠡᠯᠲᠡ ᠪᠠ ᠬᠥᠭᠵᠢᠯᠲᠡ ᠳᠤ ᠲᠠᠰᠤᠷᠠᠯᠲᠠ ᠦᠭᠡᠢ ᠰᠢᠨ᠎ᠡ ᠣᠷᠣᠨ ᠵᠠᠢ ᠶᠢ | ᠡᠭᠦᠳᠪᠡ᠃ | | | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠳᠤᠮᠳᠠᠳᠤ ᠤᠯᠤᠰ ᠠᠴᠠ ᠡᠭᠦᠰᠦᠯ ᠲᠠᠢ᠂ | ᠬᠠᠷᠢᠨ ᠲᠡᠭᠦᠨ ᠤ ᠦᠷ᠎ᠡ ᠪᠦᠲᠦᠭᠡᠯ ᠪᠠ ᠠᠵᠠ ᠲᠣᠬᠢᠶᠠᠯ ᠨᠢ ᠳᠡᠯᠡᠬᠡᠢ ᠨᠡᠶᠢᠲᠡ ᠶᠢᠨ ᠬᠢ ᠶᠤᠮ᠂ 11 ᠵᠢᠯ ᠤᠨ ᠲᠤᠷᠰᠢᠲᠠ | ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠪᠦᠬᠦ ᠪᠥᠮᠪᠥᠷᠴᠡᠭ ᠤᠨ ᠬᠠᠮᠲᠤ ᠶᠢᠨ ᠬᠥᠭᠵᠢᠯ | ᠴᠡᠴᠡᠭᠯᠡᠯ ᠢ ᠠᠬᠢᠭᠤᠯᠬᠤ ᠳᠤ ᠭᠡᠭᠡᠨ ᠰᠠᠷᠠᠭᠤᠯ ᠢᠷᠡᠭᠡᠳᠦᠢ ᠲᠠᠢ ᠬᠥᠮᠥᠨ ᠤ ᠶᠢᠷᠲᠢᠨᠴᠦ ᠶᠢᠨ ᠵᠥᠪ ᠵᠠᠮ ᠢ ᠨᠡᠭᠡᠭᠡᠵᠦ᠂ ᠪᠦᠬᠦ | ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭ᠎ᠠ ᠶᠢᠨ ᠬᠤᠪᠢᠰᠤᠯᠲᠠ ᠶᠢ ᠠᠬᠢᠭᠤᠯᠬᠤ ᠳᠤ ᠵᠥᠪ ᠣᠨᠣᠪᠴᠢᠲᠠᠢ | ᠤᠷᠤᠭᠰᠢᠯᠠᠬᠤ ᠴᠢᠭᠯᠡᠯ ᠲᠡᠶᠢᠰᠢ ᠬᠥᠲᠥᠯᠥᠨ ᠳᠠᠭᠠᠭᠤᠯᠵᠠᠢ᠃ ᠪᠢᠳᠡ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠪᠠᠷ ᠭᠤᠣᠯ ᠰᠢᠵᠢᠮ ᠪᠣᠯᠭᠠᠨ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠲᠦᠷᠦᠯ ᠵᠦᠢᠯ ᠬᠢᠭᠡᠳ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ︽ᠵᠢᠵᠢᠭ ᠪᠣᠯᠪᠠᠴᠤ ᠭᠤᠶᠢᠳᠠ︾ ᠲᠦᠷᠦᠯ ᠵᠦᠢᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠶᠢᠨ ᠠᠵᠤ ᠠᠬᠤᠢ | ᠠᠷᠠᠯᠵᠢᠶᠠᠨ ᠤ ᠬᠠᠮᠲᠤᠷᠠᠯᠴᠠᠭᠠᠨ ᠤ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠲᠤ ᠪᠠᠷ ᠪᠦᠲᠦᠭᠡᠨ | ᠪᠠᠶᠢᠭᠤᠯᠬᠤ ᠤᠯᠤᠰ ᠯᠤᠭ᠎ᠠ ᠶᠢᠨ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠰᠠᠶᠢᠵᠢᠷᠠᠭᠤᠯᠬᠤ ᠳᠤ ᠴᠢᠬᠤᠯᠠ ᠬᠤᠪᠢ | ᠨᠡᠮᠡᠷᠢ ᠭᠠᠷᠭᠠᠵᠠᠢ᠃ ᠶᠠᠺᠠᠷᠲ᠋ᠠ - ᠪᠠᠨᠳᠤᠩ ᠲᠦᠷᠭᠡᠨ ᠤ ᠲᠡᠮᠦᠷ ᠵᠠᠮ ᠨᠢ ᠵᠡᠭᠦᠨ ᠡᠮᠦᠨᠡᠲᠦ ᠠᠽᠢᠶ᠎ᠠ ᠳᠤ ᠲᠦᠷᠭᠡᠨ ᠤ ᠲᠡᠮᠦᠷ | ᠵᠠᠮ ᠲᠠᠢ ᠪᠣᠯᠭᠠᠵᠤ᠂ ᠳᠤᠮᠳᠠᠳᠤ ᠯᠠᠤᠰ ᠤᠨ ᠲᠡᠮᠦᠷ ᠵᠠᠮ ᠨᠢ ᠯᠠᠤᠰ ᠢ ︽ᠡᠬᠡ ᠬᠠᠭᠤᠷᠠᠢ ᠶᠢᠨ ᠲᠦᠭᠵᠢᠮᠡᠯ ᠤᠯᠤᠰ︾ | ᠪᠠᠶᠢᠭᠰᠠᠨ ᠠᠴᠠ ᠨᠢ ︽ᠡᠬᠡ ᠬᠠᠭᠤᠷᠠᠢ ᠶᠢᠨ ᠬᠤᠯᠪᠣᠭᠠᠲᠤ ᠤᠯᠤᠰ︾ ᠪᠣᠯᠬᠤ ᠳᠤ ᠬᠦᠴᠦᠨ ᠨᠡᠮᠡᠷᠢᠯᠡᠪᠡ᠂ ᠴᠢᠶᠠᠨ ᠺᠠᠢ | ᠭᠠᠷᠠᠮ ᠨᠢ ᠡᠮᠦᠨᠡᠲᠦ ᠠᠮᠧᠷᠢᠺᠠ ᠳᠠᠬᠢ ᠠᠩᠬᠠᠳᠠᠭᠴᠢ ᠣᠶᠤᠨᠲᠤ ᠭᠠᠷᠠᠮ ᠪᠠ ᠪᠣᠬᠢᠷᠲᠤᠯ ᠦᠭᠡᠢ ᠭᠠᠷᠠᠮ ᠪᠣᠯᠪᠠ᠂ ᠮᠤᠮᠪᠠᠰᠠ | - ᠨᠠᠶᠢᠷᠤᠪᠢ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠨᠢ ᠺᠧᠨᠢᠶᠠ ᠳᠤ 5 ᠲᠦᠮᠡ ᠰᠢᠬᠠᠮ ᠠᠵᠢᠯ ᠤᠨ ᠪᠠᠶᠢᠷᠢ | ᠬᠠᠩᠭᠠᠵᠠᠢ ᠁ ᠡᠯ᠎ᠡ ᠤᠯᠤᠰ ᠲᠤ ᠪᠤᠶᠠᠨ ᠦᠢᠯᠡᠳᠬᠦ᠂ ᠳᠡᠯᠡᠬᠡᠢ ᠳ᠋ᠠᠬᠢᠨ ᠳᠤ ᠠᠰᠢᠭ ᠬᠦᠷᠲᠡᠭᠡᠬᠦ ᠡᠨᠡ ᠬᠦ ︽ᠵᠣᠯ | ᠵᠢᠷᠭᠠᠯ ᠤᠨ ᠵᠠᠮ︾ ᠶᠠᠪᠤᠬᠤ ᠳᠤᠳᠤᠮ ᠥᠷᠭᠡᠵᠢᠵᠦ ᠪᠠᠶᠢᠨ᠎ᠠ᠃ ᠪᠢᠳᠡ ᠬᠡᠬᠦᠳᠡᠭ ᠴᠡᠭᠡᠵᠢᠨ ᠳᠤ ᠪᠠᠨ ᠳᠡᠯᠡᠬᠡᠢ ᠳ᠋ᠠᠬᠢᠨ ᠢ | ᠪᠠᠭᠲᠠᠭᠠᠬᠤ ᠶᠢᠷᠲᠢᠨᠴᠦ ᠶᠢᠨ ᠦᠵᠡᠯᠲᠡ ᠶᠢ ᠪᠠᠷᠢᠮᠲᠠᠯᠠᠨ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ | ᠲᠤᠶᠢᠯᠰᠢᠷᠠᠭᠰᠠᠨ᠂ ᠲᠦᠭᠡᠮᠡᠯ ᠠᠰᠢᠭ ᠬᠦᠷᠲᠡᠭᠡᠭᠰᠡᠨ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠠᠬᠢᠭᠤᠯᠵᠤ᠂ | ᠪᠦᠬᠦ ᠪᠥᠮᠪᠥᠷᠴᠡᠭ ᠤᠨ ᠵᠠᠰᠠᠯᠲᠠ ᠶᠢᠨ ᠲᠣᠭᠲᠠᠯᠴᠠᠭᠠᠨ ᠤ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ | ᠬᠥᠭᠵᠢᠬᠦ ᠶᠢ ᠬᠦᠴᠦᠲᠡᠢ ᠠᠬᠢᠭᠤᠯᠪᠠ᠃ | | | ᠥᠩᠭᠡᠷᠡᠭᠰᠡᠨ ᠢᠶᠠᠨ ᠳ᠋ᠦᠩᠨᠡᠬᠦ ᠨᠢ ᠢᠷᠡᠭᠡᠳᠦᠢ ᠵᠦᠭ ᠨᠡᠩ ᠰᠠᠶᠢᠨ ᠤᠷᠤᠭᠰᠢᠯᠠᠬᠤ ᠶᠢᠨ ᠲᠥᠯᠥᠭᠡ ᠶᠤᠮ᠃ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠣᠯ ᠳᠤᠮᠳᠠᠳᠤ ᠤᠯᠤᠰ ᠤᠨ ᠳᠡᠯᠡᠬᠡᠢ ᠳ᠋ᠠᠬᠢᠨ ᠯᠤᠭ᠎ᠠ ᠠᠵᠠ | ᠲᠣᠬᠢᠶᠠᠯ ᠢ ᠬᠠᠮᠲᠤ ᠪᠠᠷ ᠬᠦᠷᠲᠡᠬᠦ᠂ ᠬᠥᠭᠵᠢᠯᠲᠡ ᠶᠢ ᠬᠠᠮᠲᠤ ᠪᠠᠷ ᠡᠷᠢᠯᠬᠢᠯᠡᠬᠦ ᠰᠠᠷᠠᠭᠤᠯ ᠳᠠᠷᠳᠠᠩ ᠵᠠᠮ ᠮᠥᠨ᠂ ᠬᠠᠮᠲᠤ | ᠪᠠᠷ ᠴᠡᠴᠡᠭᠯᠡᠨ ᠬᠥᠭᠵᠢᠬᠦ ᠠᠵᠠ ᠲᠣᠬᠢᠶᠠᠯ ᠤᠨ ᠵᠠᠮ ᠮᠥᠨ᠂ ᠡᠯ᠎ᠡ ᠤᠯᠤᠰ ᠤᠨ ᠬᠠᠮᠲᠤ ᠪᠠᠷ ᠬᠥᠭᠵᠢᠬᠦ ᠲᠣᠮᠣ ᠲᠠᠪᠴᠠᠩ | ᠮᠥᠨ᠂ ᠡᠯ᠎ᠡ ᠤᠯᠤᠰ ᠤᠨ ᠶᠠᠪᠤᠯᠴᠠᠭᠠᠨ ᠤ ᠰᠢᠨ᠎ᠡ ᠵᠠᠮ ᠢ ᠨᠡᠭᠡᠭᠡᠵᠦ᠂ ᠤᠯᠠᠨ ᠤᠯᠤᠰ ᠤᠨ ᠬᠠᠮᠲᠤᠷᠠᠯᠴᠠᠭᠠᠨ ᠤ ᠰᠢᠨ᠎ᠡ | ᠪᠣᠷᠣ ᠲᠥᠯᠥᠪ ᠢ ᠴᠣᠭᠴᠠᠯᠠᠨ᠂ ᠬᠥᠮᠥᠨ ᠲᠥᠷᠥᠯᠬᠢᠲᠡᠨ ᠤ ᠬᠠᠮᠲᠤ ᠪᠠᠷ ᠬᠥᠭᠵᠢᠬᠦ ᠬᠠᠮᠤᠭ ᠤᠨ ᠶᠡᠭᠡ ᠶᠡᠷᠦᠩᠬᠡᠢ | ᠬᠤᠷᠢᠶᠠᠭᠴᠢ ᠲᠤᠭ᠎ᠠ ᠬᠤᠷᠠᠮᠳᠤᠭᠤᠯᠵᠤ ᠪᠠᠶᠢᠬᠤ ᠶᠢ ᠦᠢᠯᠡᠳᠦᠯᠭᠡ ᠭᠦᠢᠴᠡᠳ ᠭᠡᠷᠡᠴᠢᠯᠡᠵᠡᠢ᠃ ᠡᠨᠡ ᠬᠦ ᠰᠠᠨᠠᠭᠠᠴᠢᠯᠠᠭ᠎ᠠ ᠨᠢ | ᠴᠠᠭ ᠤᠨ ᠤᠷᠤᠰᠬᠠᠯ ᠢ ᠲᠠᠭᠠᠵᠦ᠂ ᠠᠷᠠᠳ ᠤᠨ ᠰᠡᠳᠬᠢᠯ ᠢ ᠣᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ | ᠳᠡᠯᠡᠬᠡᠢ ᠳ᠋ᠠᠬᠢᠨ ᠳᠤ ᠠᠰᠢᠭᠲᠠᠢ ᠪᠠᠶᠢᠵᠤ᠂ ᠬᠦᠴᠦᠷᠬᠡᠭ ᠶᠡᠭᠡ ᠤᠶᠠᠨ ᠬᠠᠳᠠᠨ ᠴᠢᠨᠠᠷ᠂ ᠥᠷᠨᠢᠭᠦᠨ ᠪᠠᠳᠠᠷᠠᠩᠭᠤᠢ | ᠠᠮᠢᠵᠢᠷᠠᠯ ᠤᠨ ᠬᠦᠴᠦᠨ ᠪᠠ ᠥᠷᠭᠡᠨ ᠠᠭᠤᠳᠠᠮ ᠬᠥᠭᠵᠢᠯᠲᠡ ᠶᠢᠨ ᠢᠷᠡᠭᠡᠳᠦᠢ ᠲᠠᠢ ᠶᠤᠮ᠃ | | | | ᠲᠡᠦᠬᠡ ᠶᠢᠨ ᠶᠡᠭᠡ ᠬᠠᠨᠳᠤᠰᠢ ᠶᠢ ᠠᠮᠵᠢᠨ ᠤᠷᠤᠭᠰᠢᠯᠠᠵᠤ᠂ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠨ | ᠠᠯᠤᠰ ᠢ ᠵᠣᠷᠢᠨᠠᠮ᠃ ᠣᠳᠣᠬᠠᠨ ᠤ ᠳᠡᠯᠡᠬᠡᠢ ᠳ᠋ᠠᠬᠢᠨ ᠳᠤ ᠦᠢᠮᠡᠭᠡᠨ ᠰᠠᠮᠠᠭᠤᠨ ᠰᠣᠯᠪᠢᠴᠠᠵᠤ᠂ ᠵᠠᠭᠤᠨ ᠵᠢᠯ ᠳᠤ | ᠲᠣᠬᠢᠶᠠᠯᠳᠤᠭ᠎ᠠ ᠦᠭᠡᠢ ᠬᠤᠪᠢᠰᠤᠯᠲᠠ ᠲᠦᠷᠭᠡᠰᠦᠨ ᠤᠯᠠᠷᠢᠵᠤ᠂ ᠬᠥᠮᠥᠨ ᠲᠥᠷᠥᠯᠬᠢᠲᠡᠨ ᠤ ᠨᠡᠶᠢᠭᠡᠮ ᠪᠠᠰᠠ ᠨᠢᠭᠡ ᠤᠳᠠᠭ᠎ᠠ | ᠲᠡᠦᠬᠡ ᠶᠢᠨ ᠲᠣᠨᠣᠯᠵᠢᠨ ᠵᠠᠮ ᠳᠡᠭᠡᠷ᠎ᠡ ᠵᠣᠭᠰᠣᠪᠠ᠃ ︽ᠴᠠᠭ ᠤᠨ ᠪᠠᠶᠢᠳᠠᠯ ᠪᠢᠳᠡᠨ ᠳᠤ ᠠᠰᠢᠭᠲᠠᠢ︾ ᠪᠠᠶᠢᠯᠳᠤᠬᠤ | ᠪᠣᠳᠣᠯᠭ᠎ᠠ ᠶᠢᠨ ᠢᠲᠡᠭᠡᠯ ᠢᠶᠠᠨ ᠪᠠᠲᠤᠳᠬᠠᠵᠤ᠂ ︽ᠬᠥᠭᠯᠡᠷᠡᠭᠰᠡᠨ ᠡᠭᠦᠯᠡᠰ ᠬᠤᠶᠢᠯᠠᠷᠠᠨ ᠥᠩᠭᠡᠷᠡᠪᠡᠴᠦ ᠲᠠᠶᠢᠪᠤᠭᠤ | ᠬᠡᠪ ᠢᠶᠠᠷ ᠢᠶᠠᠨ ᠰᠡᠬᠦᠶᠢᠬᠦ︾ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠴᠢᠨᠠᠷ ᠰᠠᠶᠢᠲᠠᠢ ︽ᠨᠢᠭᠡ | ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠪᠠᠨ ᠡᠷᠡᠰ ᠭᠤᠶᠢᠪᠢᠰᠢ ᠦᠭᠡᠢ ᠠᠬᠢᠭᠤᠯᠪᠠᠯ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠥᠭᠵᠢᠯᠲᠡ ᠶᠢᠨ ᠣᠷᠣᠨ ᠵᠠᠢ ᠶᠢ ᠳᠠᠰᠤᠷᠠᠯᠳᠠ ᠦᠭᠡᠢ ᠥᠷᠭᠡᠳᠬᠡᠵᠦ᠂ | ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠠᠶᠢᠭᠤᠯᠬᠤ ᠶᠢ ᠠᠬᠢᠭᠤᠯᠬᠤ ᠳᠤ ᠨᠡᠩ ᠶᠡᠭᠡ ᠬᠤᠪᠢ | ᠨᠡᠮᠡᠷᠢ ᠦᠵᠡᠭᠦᠯᠬᠦ ᠨᠢ ᠯᠠᠪᠲᠠᠢ᠃ | |