ᠣᠯᠠᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠡᠪᠦᠯ ᠤᠨ ᠠᠮᠠᠷᠠᠯᠲᠠ ᠶᠢᠨ ᠬᠤᠭᠤᠴᠠᠭ᠎ᠠ ᠪᠠᠨ ᠨᠡᠶᠢᠲᠡᠯᠡᠪᠡ
ᠨᠡᠶᠢᠲᠡᠯᠡᠭᠰᠡᠨ ᠴᠠᠭ᠄
2024/12/6
      2025 ᠣᠨ ᠤ 1 ᠰᠠᠷ᠎ᠠ ᠶᠢᠨ 28 ᠤ ᠡᠳᠦᠷ ᠪᠣᠯ ᠪᠢᠯᠢᠭ ᠤᠨ ᠤᠯᠠᠷᠢᠯ ᠤᠨ ᠪᠢᠲᠡᠭᠦᠨ᠂ ᠥᠯᠵᠡᠶᠢᠲᠦ ᠡᠳᠦᠷ ᠤᠨ ᠪᠠᠶᠠᠷ ᠨᠢ 2 ᠰᠠᠷ᠎ᠠ ᠶᠢᠨ 12 ᠤᠨ ᠡᠳᠦᠷ ᠪᠣᠯᠣᠨ᠎ᠠ᠃ ᠡᠨᠡ ᠬᠡᠳᠦᠨ ᠡᠳᠦᠷ᠂ ᠣᠯᠠᠨ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠡᠪᠦᠯ ᠤᠨ ᠠᠮᠠᠷᠠᠯᠲᠠ ᠶᠢᠨ ᠡᠳᠦᠷ ᠤᠨ ᠲᠤᠭ᠎ᠠ ᠪᠠᠨ ᠨᠡᠶᠢᠲᠡᠯᠡᠪᠡ᠂ ᠰᠤᠷᠪᠤᠯᠵᠢᠯᠠᠬᠴᠢ ᠶᠢᠨ ᠣᠶᠢᠯᠠᠭᠠᠭᠰᠠᠨ ᠢᠶᠠᠷ᠂ ᠢᠷᠡᠬᠦ ᠵᠢᠯ ᠴᠥᠭᠡᠨ ᠪᠤᠰᠤ ᠭᠠᠵᠠᠷ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠬᠴᠢ ᠦᠨᠳᠦᠰᠦᠨ ᠳᠡᠭᠡᠨ ᠭᠡᠷ ᠲᠡᠭᠡᠨ ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠢ ᠥᠩᠭᠡᠷᠡᠭᠡᠵᠦ ᠪᠣᠯᠣᠨ᠎ᠠ᠃      ᠪᠡᠭᠡᠵᠢᠩ ᠬᠤᠲᠠ᠂ ᠲᠢᠶᠠᠨᠵᠢᠨ ᠬᠤᠲᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ 2025 ᠣᠨ ᠤ 1 ᠰᠠᠷ᠎ᠠ ᠶᠢᠨ 12 ᠤᠨ ᠡᠳᠦᠷ ᠠᠴᠠ 2 ᠰᠠᠷ᠎ᠠ ᠶᠢᠨ 16 ᠤ ᠡᠳᠦᠷ ᠪᠤᠯᠲᠠᠯ᠎ᠠ ᠡᠪᠦᠯ ᠤᠨ ᠠᠮᠠᠷᠠᠯᠲᠠ ᠲᠠᠯᠪᠢᠵᠤ᠂ ᠨᠡᠶᠢᠲᠡ 5 ᠭᠠᠷᠠᠭ ᠤᠨ ᠭᠠᠳᠠᠨ᠎ᠠ 1 ᠡᠳᠦᠷ ᠠᠮᠠᠷᠠᠨ᠎ᠠ᠃ ᠠᠯᠪᠠᠨ ᠵᠢᠷᠤᠮ ᠤᠨ ᠪᠤᠰᠤ ᠰᠤᠷᠭᠠᠨ ᠬᠥᠮᠦᠵᠢᠯ ᠤᠨ ᠱᠠᠲᠤ᠄ 2025 ᠣᠨ ᠤ 1 ᠰᠠᠷ᠎ᠠ ᠶᠢᠨ 19 ᠤ ᠡᠳᠦᠷ ᠠᠴᠠ 2 ᠰᠠᠷ᠎ᠠ ᠶᠢᠨ 16 ᠤ ᠡᠳᠦᠷ ᠪᠤᠯᠲᠠᠯ᠎ᠠ ᠡᠪᠦᠯ ᠤᠨ ᠠᠮᠠᠷᠠᠯᠲᠠ ᠲᠠᠯᠪᠢᠵᠤ᠂ ᠨᠡᠶᠢᠲᠡ 4 ᠭᠠᠷᠠᠭ ᠤᠨ ᠭᠠᠳᠠᠨ᠎ᠠ 1 ᠡᠳᠦᠷ ᠠᠮᠠᠷᠠᠨ᠎ᠠ᠃      ᠱᠠᠩᠬᠠᠢ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠡᠪᠦᠯ ᠤᠨ ᠠᠮᠠᠷᠠᠯᠲᠠ 2025 ᠣᠨ ᠤ 1 ᠰᠠᠷ᠎ᠠ ᠶᠢᠨ 20 ᠤ ᠡᠳᠦᠷ ᠠᠴᠠ ᠡᠬᠢᠯᠡᠵᠦ᠂ 2 ᠰᠠᠷ᠎ᠠ ᠶᠢᠨ 14 ᠤ ᠡᠳᠦᠷ ᠳᠠᠭᠤᠰᠤᠨ᠎ᠠ᠂ ᠨᠡᠶᠢᠲᠡ 26 ᠡᠳᠦᠷ ᠪᠣᠯᠣᠨ᠎ᠠ᠃      ᠵᠢᠶᠠᠩᠰᠤ ᠮᠤᠵᠢ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠡᠪᠦᠯ ᠤᠨ ᠠᠮᠠᠷᠠᠯᠲᠠ ᠶᠢᠨ ᠴᠠᠭ ᠢ 2025 ᠣᠨ ᠤ 1 ᠰᠠᠷ᠎ᠠ ᠶᠢᠨ 20 ᠤ ᠡᠳᠦᠷ᠂ ᠬᠠᠪᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠴᠠᠭ ᠢ 2 ᠰᠠᠷ᠎ᠠ ᠶᠢᠨ 17 ᠤ ᠡᠳᠦᠷ᠂ ᠡᠪᠦᠯ ᠤᠨ ᠠᠮᠠᠷᠠᠯᠲᠠ ᠶᠢ ᠨᠡᠶᠢᠲᠡ 28 ᠡᠳᠦᠷ ᠢᠶᠠᠷ ᠲᠣᠭᠲᠠᠭᠠᠪᠠ᠃      ᠢᠷᠡᠯᠲᠡ᠄  ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号