| | | | ᠲᠦᠷᠦᠭᠦᠬᠡᠨ ᠭᠦᠭᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ | 2024 ᠣᠨ ᠤ ︽ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠪᠤᠯᠬᠤ ᠪᠠᠷ ᠬᠦᠴᠦᠯᠡᠨ ᠴᠢᠷᠮᠠᠶᠢᠬᠤ︾ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠭᠦᠭᠡᠬᠤᠲᠠ ᠶᠢᠨ ᠰᠠᠶᠢᠬᠠᠨ ᠲᠣᠭᠤᠷᠢᠭ ᠤᠨ ᠵᠢᠨᠴᠢᠶᠣᠣ ᠪᠠᠭ᠎ᠠ | ᠰᠤᠷᠭᠠᠭᠤᠯᠢ ᠳᠤ ᠶᠠᠪᠤᠭᠳᠠᠪᠠ᠃ ᠭᠦᠭᠡᠬᠤᠲᠠ ᠶᠢᠨ ᠡᠯ᠎ᠡ ᠰᠤᠷᠭᠠᠭᠤᠯᠢ ᠶᠢᠨ 400 ᠭᠠᠷᠤᠢ ᠪᠠᠭᠰᠢ ᠰᠤᠷᠤᠬᠴᠢᠳ | ᠠᠵᠢᠯᠯᠠᠭ᠎ᠠ ᠳᠤ ᠣᠷᠣᠯᠴᠠᠵᠤ᠂ ᠶᠠᠷᠢᠶ᠎ᠠ ᠢᠯᠡᠳᠬᠡᠯ᠂ ᠨᠠᠶᠢᠷᠠᠯ ᠳᠠᠭᠤᠤ᠂ ᠲᠠᠶᠢᠰᠠᠨ ᠤ ᠵᠦᠴᠦᠭᠡ ᠪᠠ ᠪᠥᠵᠢᠭ ᠵᠡᠷᠭᠡ | ᠭᠡᠯᠪᠡᠷᠢ ᠪᠠᠷ ᠵᠠᠯᠠᠭᠤᠴᠤᠳ ᠪᠠᠭᠠᠴᠤᠳ ᠤᠨ ᠰᠤᠷᠤᠯᠭ᠎ᠠ ᠠᠮᠢᠳᠤᠷᠠᠯ ᠤᠨ ᠳᠤᠮᠳᠠᠬᠢ ᠦᠰᠦᠨ ᠪᠤᠶᠢᠵᠢᠯᠳᠠ ᠶᠢᠨ | ᠦᠯᠢᠭᠡᠷ ᠢᠶᠠᠨ ᠬᠤᠪᠢᠶᠠᠯᠴᠠᠵᠤ᠂ ᠵᠠᠯᠠᠭᠤᠴᠤᠳ ᠪᠠᠭᠠᠴᠤᠳ ᠤᠨ ᠰᠠᠶᠢᠨ ᠰᠠᠶᠢᠬᠠᠨ ᠢᠷᠡᠭᠡᠳᠦᠢ ᠶᠢᠨ ᠲᠤᠬᠠᠢ ᠬᠦᠰᠡᠯ | ᠡᠷᠡᠮᠡᠯᠵᠡᠯ ᠢ ᠳᠡᠯᠭᠡᠨ ᠦᠵᠡᠭᠦᠯᠪᠡ᠃ ᠲᠣᠰ ᠠᠵᠢᠯᠯᠠᠭ᠎ᠠ ᠨᠢ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ | ᠪᠡᠶ᠎ᠡ ᠪᠠᠨ ᠳᠠᠭᠠᠭᠠᠬᠤ᠂ ᠥᠪᠡᠷ ᠢ ᠪᠠᠨ ᠬᠦᠴᠦᠷᠬᠡᠭᠵᠢᠭᠦᠯᠬᠦ᠂ ᠥᠭᠡᠳᠡᠯᠡᠨ ᠳᠠᠪᠰᠢᠬᠤ ᠪᠠᠷ ᠬᠦᠴᠦᠯᠡᠨ ᠴᠢᠷᠮᠠᠶᠢᠬᠤ | ᠨᠡᠩ ᠤᠯᠠᠨ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠢ ᠬᠥᠮᠥᠵᠢᠭᠦᠯᠬᠦ ᠪᠠᠷ ᠵᠣᠷᠢᠯᠭ᠎ᠠ ᠪᠠᠨ ᠪᠣᠯᠭᠠᠵᠠᠢ᠃ | ᠠᠵᠢᠯᠯᠠᠭ᠎ᠠ ᠳᠤ ᠣᠷᠣᠯᠴᠠᠬᠰᠠᠨ ᠰᠤᠷᠤᠬᠴᠢᠳ ᠰᠢᠯᠢᠳᠡᠭ ᠪᠠᠭᠠᠴᠤᠳ ᠤᠨ ᠰᠠᠶᠢᠨ ᠰᠠᠶᠢᠬᠠᠨ ᠵᠠᠩ ᠰᠤᠷᠲᠠᠯ ᠢᠶᠠᠷ | ᠬᠡᠪ ᠳᠠᠭᠤᠷᠢᠶᠠᠯ ᠪᠤᠯᠭᠠᠵᠤ᠂ ᠰᠢᠨ᠎ᠡ ᠴᠠᠭ ᠦᠶ᠎ᠡ ᠶᠢᠨ ᠰᠢᠯᠢᠳᠡᠭ ᠪᠠᠭᠠᠴᠤᠳ ᠪᠤᠯᠬᠤ ᠪᠠᠷ ᠢᠳᠡᠪᠬᠢᠲᠡᠢ ᠴᠢᠷᠮᠠᠶᠢᠬᠤ | ᠬᠦᠰᠡᠯ ᠵᠣᠷᠢᠭ ᠢᠶᠠᠨ ᠢᠯᠡᠳᠬᠡᠵᠡᠭᠡᠪᠡ᠃ |