ᠮᠠᠨ ᠤ ᠣᠷᠣᠨ 6169 ᠺᠢᠯᠣᠮᠧᠲᠷ ᠤᠷᠳᠤ ᠲᠦᠷᠭᠡᠨ ᠤ ᠵᠠᠰᠠᠮᠠᠯ ᠵᠠᠮ ᠤᠨ ᠬᠢᠵᠠᠭᠠᠷᠯᠠᠭᠰᠠᠨ ᠬᠤᠷᠳᠤᠴᠠ ᠶᠢ ᠰᠢᠯᠢᠳᠡᠭᠵᠢᠭᠦᠯᠦᠨ ᠲᠣᠬᠢᠷᠠᠭᠤᠯᠪᠠ
ᠨᠡᠶᠢᠲᠡᠯᠡᠭᠰᠡᠨ ᠴᠠᠭ᠄
2024/12/9
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ ᠰᠡᠭᠦᠯᠴᠢ ᠪᠤᠯᠲᠠᠯ᠎ᠠ  ᠪᠦᠭᠦ ᠣᠷᠣᠨ ᠤ ᠲᠦᠷᠭᠡᠨ ᠤ ᠵᠠᠰᠠᠮᠠᠯ ᠵᠠᠮ ᠤᠨ ᠶᠡᠷᠦᠩᠬᠡᠢ ᠣᠷᠳᠣ 7863 ᠺᠢᠯᠣᠮᠧᠲᠷ ᠲᠤ ᠬᠦᠷᠴᠦ᠂ ᠣᠳᠣᠬᠠᠨ ᠪᠤᠯᠲᠠᠯ᠎ᠠ 6169 ᠺᠢᠯᠣᠮᠧᠲᠷ ᠤᠷᠳᠤ ᠲᠦᠷᠭᠡᠨ  ᠤ ᠵᠠᠰᠠᠮᠠᠯ ᠵᠠᠮ ᠤᠨ ᠬᠢᠵᠠᠭᠠᠷᠯᠠᠭᠰᠠᠨ ᠬᠤᠷᠳᠤᠴᠠ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠢᠵᠠᠭᠠᠷᠯᠠᠭᠰᠠᠨ ᠬᠤᠷᠳᠤᠴᠠ ᠶᠢ ᠨᠢ ᠪᠦᠷ ᠠᠳᠠᠯᠢ ᠪᠤᠰᠤ ᠬᠡᠮᠵᠢᠶ᠎ᠡ ᠪᠠᠷ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ᠮᠠᠨ ᠤ ᠣᠷᠣᠨ 1694 ᠺᠢᠯᠣᠮᠧᠲᠷ ᠤᠷᠲᠤ ᠲᠦᠷᠭᠡᠨ ᠤ ᠵᠠᠰᠠᠮᠠᠯ ᠵᠠᠮ ᠤᠨ ᠬᠢᠵᠠᠭᠠᠷᠯᠠᠭᠰᠠᠨ ᠬᠤᠷᠳᠤᠴᠠ ᠳᠤ ᠲᠦᠷ ᠲᠣᠬᠢᠷᠠᠭᠤᠯᠤᠯᠲᠠ ᠬᠢᠭᠰᠡᠨ ᠦᠭᠡᠢ᠃ ᠡᠭᠦᠨ ᠳᠤ 922 ᠺᠢᠯᠣᠮᠧᠲᠷ ᠤᠷᠲᠤ ᠲᠦᠷᠭᠡᠨ ᠤ ᠵᠠᠰᠠᠮᠠᠯ ᠵᠠᠮ ᠤᠨ ᠬᠠᠪᠲᠠᠭᠠᠢ ᠶᠢᠨ ᠮᠤᠷᠤᠢ ᠱᠤᠭᠤᠮ ᠤᠨ ᠷᠠᠳᠢᠦ᠋ᠰ ᠨᠢ ᠨᠡᠯᠢᠶᠡᠳ ᠪᠠᠭ᠎ᠠ᠂ ᠣᠭᠵᠣᠮ ᠮᠤᠷᠤᠶᠢᠯᠲᠠ ᠡᠭᠴᠡ ᠬᠥᠲᠥᠯ ᠤᠯᠠᠨ ᠪᠠᠶᠢᠵᠤ᠂ ᠬᠢᠵᠠᠭᠠᠷᠯᠠᠭᠰᠠᠨ ᠬᠤᠷᠳᠤᠴᠠ ᠶᠢ ᠲᠣᠬᠢᠷᠠᠭᠤᠯᠬᠤ ᠵᠢᠷᠤᠮᠵᠢᠯ ᠤᠨ ᠱᠠᠭᠠᠷᠳᠠᠯᠭ᠎ᠠ ᠶᠢ ᠬᠠᠩᠭᠠᠵᠤ ᠳᠡᠶᠢᠯᠭᠦ ᠦᠭᠡᠢ ᠪᠣᠯᠬᠤᠷ ᠤᠤᠯ ᠤᠨ ᠬᠢᠵᠠᠭᠠᠷᠯᠠᠭᠰᠠᠨ ᠬᠤᠷᠳᠤᠴᠠ ᠶᠢ ᠦᠷᠭᠦᠯᠵᠢᠯᠡᠨ ᠬᠡᠷᠡᠭᠯᠡᠵᠦ ᠪᠤᠢ; ᠦᠯᠡᠳᠡᠵᠦ ᠪᠠᠶᠢᠭ᠎ᠠ ᠬᠤᠷᠳᠤᠴᠠ ᠶᠢ ᠨᠢ ᠲᠣᠬᠢᠷᠠᠭᠤᠯᠬᠤ ᠪᠣᠯᠣᠮᠵᠢ ᠲᠠᠢ 772 ᠺᠢᠯᠣᠮᠧᠲᠷ ᠤᠷᠲᠤ ᠲᠦᠷᠭᠡᠨ ᠤ ᠵᠠᠰᠠᠮᠠᠯ ᠵᠠᠮ ᠤᠨ ᠬᠡᠰᠡᠭ ᠲᠤ ᠢᠷᠡᠬᠦ ᠵᠢᠯ ᠠᠴᠠ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠨᠥᠬᠦᠴᠡᠯ ᠪᠦᠷᠢᠯᠳᠦᠭᠰᠡᠨ ᠤ ᠳᠠᠷᠠᠭ᠎ᠠ ᠬᠤᠷᠳᠤᠴᠠ ᠶᠢ ᠨᠢ ᠲᠣᠬᠢᠷᠠᠭᠤᠯᠬᠤ ᠪᠠᠷ ᠲᠥᠯᠥᠪᠯᠡᠵᠦ ᠪᠠᠶᠢᠨ᠎ᠠ᠃      ᠮᠠᠨ ᠤ ᠣᠷᠣᠨ ᠵᠠᠰᠠᠮᠠᠯ ᠵᠠᠮ ᠤᠨ ᠲᠣᠣᠷ ᠤᠨ ᠠᠵᠢᠯᠯᠠᠭᠠᠨ ᠤ ᠬᠢᠨᠠᠨ ᠬᠡᠮᠵᠢᠯᠲᠡ ᠶᠢ ᠴᠢᠩᠭᠠᠳᠬᠠᠨ᠂ ᠡᠯ᠎ᠡ ᠲᠦᠷᠦᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠲᠦᠷᠭᠡᠨ ᠤ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ ᠡᠨᠡ ᠵᠢᠯ ᠤᠨ 5 - 9 ᠰᠠᠷ᠎ᠠ ᠪᠤᠯᠲᠠᠯ᠎ᠠ ᠪᠦᠭᠦ ᠣᠷᠣᠨ ᠤ ᠲᠦᠷᠭᠡᠨ ᠤ ᠵᠠᠰᠠᠮᠠᠯ ᠵᠠᠮ ᠤᠨ ᠲᠡᠷᠭᠡᠨ ᠤᠷᠤᠰᠬᠠᠯ ᠤᠨ ᠬᠡᠮᠵᠢᠶ᠎ᠡ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.7% ᠪᠠᠷ ᠨᠡᠮᠡᠭᠳᠡᠪᠡ᠃ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠠᠮᠠᠷᠠᠯᠲᠠ᠂ ᠤᠯᠤᠰ ᠤᠨ ᠪᠠᠶᠠᠷ ᠤᠨ ᠠᠮᠠᠷᠠᠯᠲᠠ ᠳᠤ ᠪᠦᠭᠦ ᠣᠷᠣᠨ ᠤ ᠲᠦᠷᠭᠡᠨ ᠤ ᠵᠠᠰᠠᠮᠠᠯ ᠵᠠᠮ ᠤᠨ ᠨᠢᠭᠡ ᠡᠳᠦᠷ ᠤᠨ ᠲᠡᠷᠭᠡᠨ ᠤᠷᠤᠰᠬᠠᠯ ᠤᠨ ᠣᠷᠭᠢᠯ ᠬᠡᠮᠵᠢᠶ᠎ᠡ ᠨᠡᠶᠢᠲᠡ 241 ᠲᠦᠮᠡᠨ ᠲᠡᠷᠭᠡ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22% ᠢᠶᠠᠷ ᠨᠡᠮᠡᠭᠳᠡᠨ᠂ ᠲᠡᠦᠬᠡ  ᠶᠢᠨ ᠠᠳᠠᠯᠢ ᠬᠤᠭᠤᠴᠠᠭᠠᠨ ᠤ ᠰᠢᠨ᠎ᠡ ᠲᠡᠮᠳᠡᠭᠯᠡᠯ ᠢ ᠡᠭᠦᠳᠴᠡᠢ᠃      ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ᠃ ᠡᠷᠬᠡᠪᠰᠢ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠂  ᠭᠠᠳᠠᠭᠠᠳᠤ ᠶᠠᠪᠤᠳᠠᠯ ᠤᠨ ᠠᠵᠢᠯ ᠤᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠦᠭᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠥᠭᠡᠷᠡᠴᠢᠯᠡᠯᠲᠡ ᠪᠣᠯᠣᠨ ᠪᠠᠶᠢᠭᠤᠯᠤᠯᠲᠠ ᠳᠤ ᠣᠷᠤᠯᠴᠠᠬᠤ ᠪᠠ ᠲᠡᠭᠦᠨ ᠢ ᠬᠥᠲᠥᠯᠥᠨ ᠳᠠᠭᠠᠭᠤᠯᠵᠤ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号