ᠰᠢ ᠶᠢᠨ ᠫᠢᠩ ᠨᠥᠬᠦᠷ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠥᠭᠦᠯᠡᠬᠦ ᠨᠢ︾ ᠭᠡᠬᠦ ᠨᠣᠮ ᠢ ᠬᠡᠪᠯᠡᠭᠦᠯᠦᠨ ᠲᠠᠷᠬᠠᠭᠠᠪᠠ
ᠨᠡᠶᠢᠲᠡᠯᠡᠭᠰᠡᠨ ᠴᠠᠭ᠄
2024/12/9
      ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 8 ᠤ ᠴᠠᠭᠢᠯᠭᠠᠨ ᠮᠡᠳᠡᠭᠡ  ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠠᠴᠠ ᠨᠠᠶᠢᠷᠠᠭᠤᠯᠤᠭᠰᠠᠨ ᠰᠢ ᠶᠢᠨ ᠫᠢᠩ ᠨᠥᠬᠦᠷ ᠤᠨ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠥᠭᠦᠯᠡᠬᠦ ᠨᠢ︾ ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠪᠦᠭᠦ ᠤᠯᠤᠰ ᠲᠤ ᠲᠠᠷᠬᠠᠭᠠᠪᠠ᠃         ᠡᠨᠡ ᠬᠦ ᠲᠤᠰᠬᠠᠢ ᠰᠡᠳᠦᠪᠲᠦ ᠵᠣᠬᠢᠶᠠᠯ ᠤᠨ ᠲᠡᠭᠦᠪᠦᠷᠢ ᠳᠤ ᠰᠢ ᠶᠢᠨ ᠫᠢᠩ ᠨᠥᠬᠦᠷ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ 37 ᠴᠢᠬᠤᠯᠠ ᠵᠣᠬᠢᠶᠠᠯ ᠢ ᠨᠠᠶᠢᠷᠠᠭᠤᠯᠤᠨ ᠣᠷᠣᠭᠤᠯᠵᠠᠢ᠂ ᠡᠭᠦᠨ ᠳᠤ ᠬᠡᠰᠡᠭ ᠵᠣᠬᠢᠶᠠᠯ ᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠣᠯ ᠮᠠᠨ ᠤ ᠤᠯᠤᠰ ᠤᠨ ᠦᠨᠳᠦᠰᠦᠨ ᠤᠯᠤᠰ ᠲᠦᠷᠦ ᠶᠢᠨ ᠪᠠᠶᠢᠭᠤᠯᠤᠯ ᠮᠥᠨ᠂ ᠳᠤᠮᠳᠠᠳᠤ ᠤᠯᠤᠰ ᠤᠨ ᠬᠥᠷᠥᠰᠥ ᠰᠢᠷᠣᠢ ᠠᠴᠠ ᠭᠦᠪᠦᠷᠡᠨ ᠪᠣᠶᠢᠵᠢᠭᠰᠠᠨ ᠴᠣ ᠰᠢᠨ᠎ᠡ ᠤᠯᠤᠰ ᠲᠦᠷᠦ ᠶᠢᠨ ᠪᠠᠶᠢᠭᠤᠯᠤᠯ ᠮᠥᠨ᠂ ᠬᠥᠮᠥᠨ ᠲᠥᠷᠥᠯᠬᠢᠲᠡᠨ ᠤ ᠤᠯᠤᠰ ᠲᠦᠷᠦ ᠶᠢᠨ ᠪᠠᠶᠢᠭᠤᠯᠤᠯ ᠤᠨ ᠲᠡᠦᠬᠡᠨ ᠳᠡᠭᠡᠷᠡᠬᠢ ᠠᠭᠤᠤ ᠶᠡᠭᠡ ᠡᠭᠦᠳᠦᠯᠲᠡ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠡᠦᠬᠡ ᠶᠢᠨ ᠰᠢᠨ᠎ᠡ ᠣᠷᠣᠨ ᠪᠠᠶᠢᠷᠢ ᠳᠤ ᠰᠠᠭᠤᠷᠢᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠦᠭᠦ ᠲᠠᠯ᠎ᠠ ᠪᠠᠷ ᠴᠢᠩᠭᠠᠳᠬᠠᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠶᠡᠭᠡ ᠪᠠᠷ ᠬᠥᠭᠵᠢᠭᠦᠯᠦᠨ᠂ ᠲᠦᠷᠦ ᠶᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠢᠳᠡᠪᠬᠢᠲᠡᠢ ᠠᠬᠢᠭᠤᠯᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠵᠤ᠂ ᠨᠠᠮ ᠤᠨ ᠲᠡᠦᠬᠡᠨ ᠳᠡᠭᠡᠷᠡᠬᠢ ᠠᠩᠬ᠎ᠠ ᠤᠳᠠᠭ᠎ᠠ ᠶᠢᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠢ ᠬᠤᠷᠠᠯᠳᠤᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠠᠵᠢᠯ ᠤᠨ ᠳᠦᠷᠢᠮ ᠢ ᠪᠦᠷᠢᠨᠰᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠶᠢ ᠠᠬᠢᠭᠤᠯᠪᠠ᠃ ᠰᠢ ᠶᠢᠨ ᠫᠢᠩ ᠨᠥᠬᠦᠷ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠬᠦ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠠᠶᠢᠭᠤᠯᠤᠯ ᠢ ᠪᠠᠬᠢᠵᠢᠭᠦᠯᠬᠦ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠡᠭᠦᠰᠦᠨ᠂ ᠮᠠᠷᠺᠰ ᠤᠨ ᠦᠵᠡᠯ ᠤᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠬᠥᠭᠵᠢᠯᠲᠡ ᠶᠢᠨ ᠵᠢᠮ᠎ᠡ ᠶᠣᠰᠣ ᠶᠢ ᠭᠦᠨᠵᠡᠭᠡᠢ ᠡᠵᠡᠮᠰᠢᠵᠦ᠂ ᠨᠠᠮ ᠤᠨ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠭᠰᠠᠨ ᠦᠢᠯᠡᠳᠦᠯᠭᠡ ᠶᠢᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠤᠨᠤᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠵᠤ᠂ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠱᠠᠭᠠᠷᠳᠠᠯᠭ᠎ᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠳᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ ᠪᠠᠷᠢᠮᠲᠠᠯᠠᠬᠤ᠂ ᠰᠠᠶᠢᠲᠤᠷ ᠲᠡᠭᠦᠯᠳᠡᠷᠵᠢᠭᠦᠯᠬᠦ᠂ ᠰᠠᠶᠢᠲᠤᠷ ᠬᠡᠷᠡᠭᠵᠢᠭᠦᠯᠬᠦ ᠳᠤ ᠦᠨᠳᠦᠰᠦᠨ ᠵᠢᠷᠤᠮᠯᠠᠯ ᠬᠠᠩᠭᠠᠪᠠ᠃ 
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号