ᠶᠠᠷᠢᠶᠠᠲᠤ ᠵᠦᠴᠦᠭᠡ ︽ᠮᠣᠷᠢᠲᠠᠢ ᠠᠶᠠᠯᠠᠯ︾ ᠢ ᠠᠩᠬ᠎ᠠ ᠲᠣᠭᠯᠠᠪᠠ
ᠨᠡᠶᠢᠲᠡᠯᠡᠭᠰᠡᠨ ᠴᠠᠭ᠄
2024/2/1
     ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠰᠢᠨᠡᠬᠡᠨ ᠪᠦᠲᠦᠭᠡᠭᠰᠡᠨ ᠶᠠᠷᠢᠶᠠᠲᠤ ᠵᠦᠴᠦᠭᠡ ︽ᠮᠣᠷᠢᠲᠠᠢ ᠠᠶᠠᠯᠠᠯ︾ ᠢ ᠲᠦᠷᠦᠭᠦᠬᠡᠨ ᠥᠪᠥᠷ ᠮᠣᠩᠭᠤᠯ ᠤᠨ ᠦᠯᠢᠭᠡᠷ ᠤᠷᠠᠯᠢᠭ ᠤᠨ ᠣᠷᠳᠣᠨ ᠳᠤ ᠠᠩᠬ᠎ᠠ ᠲᠣᠭᠯᠠᠪᠠ᠃     ︽ᠮᠣᠷᠢᠲᠠᠢ ᠠᠶᠠᠯᠠᠯ︾ ᠪᠣᠯ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠬᠤ ᠪᠠᠷ ᠭᠤᠣᠯᠳᠠᠯᠭ᠎ᠠ ᠪᠠᠨ ᠪᠤᠯᠭᠠᠬᠰᠠᠨ ᠶᠠᠷᠢᠶᠠᠲᠤ ᠵᠦᠴᠦᠭᠡ ᠪᠣᠯᠣᠨ᠎ᠠ᠃ ᠲᠤᠰ ᠵᠦᠴᠦᠭᠡ ᠶᠢᠨ ᠭᠤᠣᠯ ᠪᠠᠭᠠᠲᠤᠷ ᠳᠡᠯᠡᠬᠡᠢ ᠠᠪᠤ ᠲᠠᠢ ᠪᠠᠨ ᠬᠠᠮᠲᠤ ᠮᠣᠷᠢ ᠤᠨᠤᠵᠤ ᠳᠡᠯᠡᠬᠡᠢ ᠶᠢ ᠲᠣᠭᠤᠷᠢᠬᠤ ᠠᠯᠤᠰ ᠭᠡᠳᠦ ᠶᠢᠨ ᠠᠤᠭ᠎ᠠ ᠲᠥᠰᠥᠪ ᠲᠣᠭᠲᠠᠭᠰᠠᠨ ᠪᠤᠯᠪᠠᠴᠦ ᠡᠴᠦᠰ ᠲᠡᠭᠡᠨ ᠳᠡᠯᠡᠬᠡᠢ ᠭᠠᠭᠴᠠᠭᠠᠷ ᠢᠶᠠᠨ ᠮᠣᠷᠢ ᠤᠨᠤᠵᠤ ᠠᠯᠤᠰ ᠤᠨ ᠠᠶᠠᠨ ᠳᠠᠭᠠᠨ ᠮᠣᠷᠳᠠᠵᠤ᠂ ︽ᠨᠢᠭᠡ ᠪᠦᠰᠡ ᠨᠢᠭᠡ ᠵᠠᠮ︾ ᠤᠨ ᠤᠯᠤᠰ ᠢ ᠳᠠᠭᠠᠵᠤ ᠳᠡᠯᠡᠬᠡᠢ ᠳ᠋ᠠᠬᠢᠨ ᠤ ᠬᠥᠮᠥᠰ ᠲᠤ ᠨᠤᠲᠤᠭ ᠤᠨ ᠢᠶᠠᠨ ᠠᠭᠤᠯᠠ ᠤᠰᠤ ᠥᠩᠭᠡ ᠦᠵᠡᠮᠵᠢ᠂ ᠰᠣᠶᠣᠯ ᠵᠠᠩ ᠵᠠᠩᠰᠢᠯ ᠢ ᠲᠠᠨᠢᠯᠴᠠᠭᠤᠯᠤᠨ ᠤᠬᠠᠭᠤᠯᠤᠭᠰᠠᠨ ᠷᠣᠮᠠᠨᠲ᠋ᠢᠭ ᠠᠶᠠᠯᠠᠯ ᠬᠢᠵᠦ᠂ ᠬᠥᠮᠥᠨ ᠬᠢᠭᠡᠳ ᠠᠮᠢᠳᠠᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ᠂ ᠡᠯ᠎ᠡ ᠤᠯᠤᠰ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠤᠷᠢᠶᠠᠯᠠᠵᠤ᠂ ᠬᠥᠮᠥᠨ ᠲᠥᠷᠥᠯᠬᠢᠲᠡᠨ ᠤ ᠰᠠᠶᠢᠨ ᠰᠠᠶᠢᠬᠠᠨ ᠭᠡᠷ ᠣᠷᠣᠨ ᠢ ᠬᠠᠮᠲᠤ  ᠪᠠᠷ ᠪᠦᠲᠦᠭᠡᠨ ᠪᠠᠶᠢᠭᠤᠯᠬᠤ ᠶᠢ ᠤᠷᠢᠶᠠᠯᠠᠵᠤ ᠶᠠᠪᠤᠭᠰᠠᠨ ᠦᠯᠢᠭᠡᠷ ᠪᠠ ᠦᠢᠯᠡ ᠤᠴᠠᠷᠠᠯ ᠢ ᠶᠠᠷᠢᠵᠠᠢ᠃ ︽ᠭᠦᠭᠡᠬᠤᠲᠠ ᠳᠤ ᠠᠩᠬ᠎ᠠ ᠤᠳᠠᠭ᠎ᠠ ᠡᠶᠢᠮᠦᠷᠬᠦᠦ ᠬᠡᠪ ᠨᠠᠮᠪᠠ ᠲᠠᠢ ᠶᠠᠷᠢᠶᠠᠲᠤ ᠵᠦᠴᠦᠭᠡ ᠶᠢ ᠦᠵᠡᠵᠦ ᠪᠠᠶᠢᠨ᠎ᠠ᠃ ᠲᠠᠶᠢᠰᠠᠨ ᠤ ᠵᠠᠰᠠᠯ ᠴᠢᠮᠡᠭ᠂ ᠭᠡᠷᠡᠯᠲᠦᠭᠦᠯᠭᠡ ᠪᠠ ᠲᠣᠭᠯᠠᠭᠴᠢᠳ ᠤᠨ ᠲᠤᠬᠯᠠᠯᠳᠠ ᠶᠡᠭᠡ ᠥᠪᠡᠷᠮᠢᠴᠡ ᠤᠨᠴᠠᠭᠠᠢ ᠪᠠᠶᠢᠵᠤ᠂ ᠵᠦᠴᠦᠭᠡ ᠶᠢᠨ ᠭᠤᠣᠯ ᠪᠠᠭᠠᠲᠤᠷ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠰᠢᠭᠤᠷᠬᠠᠢ ᠠᠵᠢᠯᠯᠠᠭᠰᠠᠨ ᠨᠢ ᠶᠡᠭᠡ ᠰᠠᠶᠢᠬᠠᠨ ᠰᠠᠨᠠᠭᠳᠠᠯ᠎ᠠ︾ ᠭᠡᠵᠦ ᠦᠵᠡᠭᠴᠢᠳ ᠪᠠᠶᠠᠷᠲᠠᠢ ᠶᠠᠷᠢᠵᠠᠭᠠᠨ᠎ᠠ᠃      ︽ᠮᠣᠷᠢᠲᠠᠢ ᠠᠶᠠᠯᠠᠯ︾ ᠪᠣᠯ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠶᠠᠷᠢᠶᠠᠲᠤ ᠵᠦᠴᠦᠭᠡ ᠶᠢᠨ ᠪᠦᠯᠭᠦᠮ ᠤᠨ ᠰᠢᠨ᠎ᠡ ᠪᠠᠷ ᠵᠣᠬᠢᠶᠠᠨ ᠪᠦᠲᠦᠭᠡᠭᠰᠡᠨ ᠲᠤᠷᠰᠢᠯᠲᠠ ᠶᠢᠨ ᠶᠠᠷᠢᠶᠠᠲᠤ ᠵᠦᠴᠦᠭᠡ ᠪᠣᠯᠣᠨ᠎ᠠ᠂ ᠲᠠᠶᠢᠰᠠᠨ ᠵᠠᠰᠠᠯ ᠨᠢ ᠠᠪᠰᠠᠷ ᠠᠮᠢᠳᠤᠯᠢᠭ ᠵᠡᠷᠭᠡᠯᠡᠭᠡ ᠮᠣᠳᠣ ᠪᠠᠷ ᠪᠣᠰᠬᠠᠵᠤ᠂ ᠯᠠᠶᠢᠰᠧᠷ ᠳ᠋ᠧᠩ ᠬᠡᠷᠡᠭᠯᠡᠭᠰᠡᠨ ᠢᠶᠠᠷ ᠲᠠᠶᠢᠰᠠᠨ ᠳᠤ ᠭᠡᠷᠡᠯ ᠰᠡᠭᠦᠳᠡᠷ ᠭᠡᠭᠡᠨ ᠬᠠᠷᠠᠩᠭᠤᠢ ᠰᠤᠯᠪᠢᠴᠠᠨ᠂ ᠴᠤᠭ ᠵᠣᠯᠪᠣᠭᠠᠯᠢᠭ ᠪᠥᠵᠢᠭ ᠨᠢ ᠵᠦᠴᠦᠭᠡ ᠶᠢᠨ ᠦᠢᠯᠡ ᠶᠠᠪᠤᠳᠠᠯ ᠢ ᠤᠯᠠᠮ ᠷᠣᠮᠠᠨᠲ᠋ᠢᠭ᠂ ᠭᠦᠨ ᠤᠬᠠᠭᠠᠯᠢᠭ᠂ ᠡᠶᠡᠯᠳᠡᠭ ᠳᠣᠲᠣᠨᠣᠰᠤᠭ ᠪᠣᠯᠭᠠᠵᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号