︽ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠤᠷᠭᠠᠭᠴᠢ︾ ᠶᠢᠨ ᠠᠵᠢᠯ ᠤᠨ ᠪᠠᠶᠢᠷᠢ ᠲᠣᠬᠢᠷᠠᠭᠤᠯᠤᠨ᠎ᠠ
ᠨᠡᠶᠢᠲᠡᠯᠡᠭᠰᠡᠨ ᠴᠠᠭ᠄
2024/2/1
     ᠲᠦᠷᠦᠭᠦᠬᠡᠨ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ ᠳᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠲᠣᠬᠢᠷᠠᠭᠤᠯᠬᠤ ᠲᠤᠬᠠᠢ ᠬᠡᠷᠡᠭᠵᠢᠭᠦᠯᠬᠦ ᠰᠠᠨᠠᠯ︾  ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶   ᠢ ᠨᠡᠶᠢᠲᠡᠯᠡᠪᠡ᠃ ︽ᠰᠠᠨᠠᠯ︾ ᠳᠤ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠶᠢᠨ ᠬᠡᠪᠴᠢᠶ᠎ᠡ ᠬᠢᠭᠡᠳ ᠲᠤᠭ᠎ᠠ᠂ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠬᠢᠭᠡᠳ ᠲᠤᠰᠢᠶᠠᠯ ᠡᠭᠦᠷᠭᠡᠯᠡᠬᠦ ᠨᠥᠬᠦᠴᠡᠯ᠂ ᠠᠵᠢᠯ ᠤᠨ ᠪᠠᠶᠢᠷᠢ ᠶᠢᠨ ᠬᠠᠮᠢᠶᠠᠷᠤᠯᠲᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠳᠤᠷᠠᠳᠪᠠ᠃        ︽ᠰᠠᠨᠠᠯ︾ ᠳᠤ᠂ ᠪᠦᠭᠦ ᠣᠷᠣᠨ ᠤ ᠡᠯ᠎ᠡ ᠲᠥᠷᠥᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠩ ᠤᠨ ᠶᠡᠭᠡ ᠳᠡᠭᠡᠳᠦ ᠰᠤᠷᠭᠠᠭᠤᠯᠢ ᠳᠤ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ︵ᠳᠣᠷᠣᠭᠰᠢ︽ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠠᠵᠢᠯ ᠤᠨ ᠪᠠᠶᠢᠷᠢ︾ ᠭᠡᠵᠦ ᠲᠣᠪᠴᠢᠯᠠᠨ᠎ᠠ︶ ᠶᠢ ᠨᠡᠮᠡᠵᠦ ᠲᠣᠬᠢᠷᠠᠭᠤᠯᠤᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠠᠬᠢ ᠰᠣᠷᠣᠬᠴᠢ ᠶᠢᠨ ᠲᠤᠭ᠎ᠠ ᠨᠢ 600 ᠬᠥᠮᠥᠨ ᠠᠴᠠ ᠳᠡᠭᠡᠭᠰᠢᠬᠢ ᠠᠯᠪᠠᠨ ᠠᠴᠠ ᠡᠷᠭᠢᠯᠡᠭᠰᠡᠨ ᠰᠤᠷᠭᠠᠭᠤᠯᠢ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠡᠩ ᠤᠨ ᠶᠡᠭᠡ ᠳᠡᠭᠡᠳᠦ ᠰᠤᠷᠭᠠᠭᠤᠯᠢ ᠨᠤᠭᠤᠳ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠲᠤᠰᠬᠠᠢ ᠪᠠ ᠲᠤᠰᠢᠶᠠᠯ ᠬᠠᠪᠰᠤᠷᠭᠠᠭᠰᠠᠨ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠠᠵᠢᠯ ᠤᠨ ᠪᠠᠶᠢᠷᠢ ᠶᠢ ᠵᠠᠷᠴᠢᠮ ᠳᠡᠭᠡᠷ᠎ᠡ ᠪᠠᠨ ᠠᠳᠠᠭ ᠲᠠᠭᠠᠨ 1 ᠲᠣᠬᠢᠷᠠᠭᠤᠯᠬᠤ ᠬᠡᠷᠡᠭᠲᠡᠢ᠃ ᠤᠯᠤᠰ ᠤᠨ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠪᠤᠯᠬᠤ ᠰᠤᠷᠭᠠᠭᠤᠯᠢ ︵ᠤᠯᠤᠰ ᠤᠨ ᠭᠤᠣᠯᠳᠠᠯᠭ᠎ᠠ ᠲᠠᠢ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ᠂ ᠤᠯᠤᠰ ᠤᠨ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ᠂ ᠤᠯᠤᠰ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠪᠠᠭᠲᠠᠨ᠎ᠠ︶᠂ ᠥᠪᠡᠷᠲᠡᠭᠡᠨ ᠵᠠᠰᠠᠬᠤ ᠣᠷᠣᠨ ᠤ ᠳᠡᠰ ᠤᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠪᠠ ᠥᠨᠳᠥᠷ ᠬᠢᠷᠢ ᠲᠦᠪᠰᠢᠨ ᠪᠦᠬᠦᠢ ᠲᠠᠮᠢᠷᠴᠢᠳ ᠤᠨ ᠠᠩᠭᠢ ᠶᠢᠨ ᠰᠤᠷᠤᠬᠴᠢ ᠡᠯᠰᠡᠬᠦ ᠬᠢᠷᠢ ᠭᠡᠮ ᠲᠠᠢ  ᠡᠩ ᠤᠨ ᠶᠡᠭᠡ ᠳᠡᠭᠡᠳᠦ ᠰᠤᠷᠭᠠᠭᠤᠯᠢ ᠳᠤ ᠲᠤᠰᠬᠠᠢ ᠲᠤᠰᠢᠶᠠᠯᠲᠤ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠠᠵᠢᠯ ᠤᠨ ᠪᠠᠶᠢᠷᠢ ᠶᠢ ᠵᠠᠷᠴᠢᠮ ᠳᠡᠭᠡᠷ᠎ᠡ ᠪᠠᠨ ᠠᠳᠠᠭ ᠲᠠᠭᠠᠨ1 ᠲᠣᠬᠢᠷᠠᠭᠤᠯᠵᠤ᠂ ᠣᠨᠴᠠᠯᠢᠭᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠢᠶᠠᠷ ᠣᠯᠠᠨ ᠰᠤᠷᠭᠠᠭᠤᠯᠢ ᠨᠤᠭᠤᠳ ᠪᠣᠳᠠᠲᠤ ᠬᠡᠷᠡᠭᠴᠡᠭᠡ ᠪᠠᠨ ᠦᠨᠳᠦᠰᠦᠯᠡᠨ ᠳᠤᠰ ᠠᠵᠢᠯ ᠤᠨ ᠪᠠᠶᠢᠷᠢ ᠶᠢ ᠨᠡᠮᠡᠵᠦ ᠪᠣᠯᠣᠨ᠎ᠠ ᠭᠡᠵᠦ ᠳᠤᠷᠠᠳᠤᠪᠠ᠃      ᠣᠶᠢᠯᠠᠭᠠᠭᠰᠠᠨ ᠢᠶᠠᠷ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠤᠷᠭᠠᠭᠴᠢ ᠭᠤᠣᠯᠳᠠᠭᠤ ᠰᠤᠷᠤᠬᠴᠢᠳ ᠤᠨ ᠲᠠᠮᠢᠷ ᠤᠨ ᠬᠥᠳᠡᠯᠭᠡᠭᠡᠨ ᠤ ᠲᠤᠰᠬᠠᠢ ᠮᠡᠷᠭᠡᠵᠢᠯ ᠴᠢᠳᠠᠪᠤᠷᠢ᠂ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠪᠠ ᠰᠢᠯᠢᠳᠡᠭ ᠪᠡᠯᠡᠳᠬᠡᠯ ᠴᠢᠳᠠᠪᠤᠷᠢᠲᠠᠨ ᠢ ᠰᠣᠩᠭᠤᠨ ᠪᠣᠶᠢᠵᠢᠭᠤᠯᠬᠤ ᠠᠵᠢᠯ ᠢ ᠬᠠᠷᠢᠭᠤᠴᠠᠵᠤ᠂  ᠰᠤᠷᠭᠠᠭᠤᠯᠢ ᠶᠢᠨ ᠲᠠᠮᠢᠷᠴᠢᠳ ᠤᠨ ᠠᠩᠭᠢ ᠶᠢᠨ ᠪᠣᠯᠪᠠᠰᠤᠷᠠᠯ ᠤᠨ ᠬᠠᠮᠢᠶᠠᠷᠤᠯᠲᠠ᠂ ᠲᠠᠮᠢᠷ ᠤᠨ ᠬᠥᠳᠡᠯᠭᠡᠭᠡᠨ ᠤ ᠭᠡᠮᠲᠦᠯ ᠢ ᠰᠡᠷᠭᠡᠶᠢᠯᠡᠨ ᠡᠷᠡᠭᠦᠯᠵᠢᠭᠦᠯᠬᠦ᠂ ᠪᠣᠯᠪᠠᠰᠤᠷᠠᠯ ᠤᠨ ᠶᠠᠳᠠᠷᠠᠯ ᠢ ᠰᠡᠷᠭᠦᠭᠡᠬᠦ ᠵᠡᠷᠭᠡ ᠮᠡᠳᠡᠯᠭᠡ ᠴᠢᠳᠠᠪᠤᠷᠢ ᠶᠢ ᠤᠯᠠᠮᠵᠢᠯᠠᠬᠤ ᠵᠢᠴᠢ ᠡᠯ᠎ᠡ ᠲᠥᠷᠥᠯ ᠤᠨ ᠲᠠᠮᠢᠷ ᠤᠨ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠲᠠᠮᠢᠷ ᠤᠨ ᠨᠡᠶᠢᠭᠡᠮᠯᠢᠭ ᠤᠨ ᠬᠥᠳᠡᠯᠭᠡᠭᠡᠨ ᠤ ᠵᠢᠯᠣᠭᠤᠳᠤᠯᠭ᠎ᠠ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠤᠨ ᠪᠠᠶᠢᠭᠤᠯᠤᠯᠲᠠ᠂ ᠰᠢᠯᠢᠳᠡᠭ  ᠲᠠᠮᠢᠷᠴᠢᠳ ᠤᠨ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠡᠩ ᠤᠨ ᠶᠡᠭᠡ ᠳᠡᠭᠡᠳᠦ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠢᠶᠠᠯ ᠢ ᠬᠠᠷᠢᠭᠤᠴᠠᠬᠤ ᠳᠤ ᠂ ᠪᠦᠭᠦ ᠤᠯᠤᠰ ᠤᠨ ᠴᠢᠨᠠᠷᠲᠠᠢ ᠵᠢᠴᠢ ᠲᠡᠭᠦᠨ ᠠᠴᠠ ᠳᠡᠭᠡᠭᠰᠢᠬᠢ︵ᠬᠠᠮᠤᠭ ᠤᠨ ᠥᠨᠳᠥᠷ ᠬᠢᠷᠢ ᠬᠡᠮᠵᠢᠶ᠎ᠡ︶ ᠤᠷᠤᠯᠳᠤᠭᠠᠨ ᠤ ᠨᠠᠰᠤᠨ ᠳᠤ ᠭᠦᠷᠦᠭᠰᠡᠳ ᠤᠨ ᠲᠠᠩ ᠲᠦᠷᠦᠯ ᠤᠨ ᠤᠷᠤᠯᠳᠤᠭᠠᠨ ᠤ ᠳᠦᠷᠦᠭᠦᠦ ᠨᠠᠢᠮᠠ ᠳᠤ ᠣᠷᠣᠭᠰᠠᠨ ᠬᠢᠷᠢ ᠪᠦᠲᠦᠮᠵᠢ ᠲᠠᠢ ᠪᠠᠶᠢᠬᠤ ᠬᠡᠷᠡᠭᠲᠡᠢ ᠪᠥᠭᠡᠳ ᠰᠣᠳᠣᠨ ᠲᠠᠮᠢᠷᠴᠢᠨ ᠵᠢᠴᠢ ᠲᠡᠭᠦᠨ ᠠᠴᠠ ᠳᠡᠭᠡᠭᠰᠢᠬᠢ ᠲᠠᠰ ᠤᠨ ᠴᠣᠯᠠ ᠶᠢ ᠣᠯᠣᠭᠰᠠᠨ ᠪᠠᠶᠢᠬᠤ ᠬᠡᠷᠡᠭᠲᠡᠢ᠃ ᠡᠩ ᠤᠨ ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠰᠤᠷᠭᠠᠭᠴᠢ ᠶᠢᠨ ᠲᠤᠰᠢᠶᠠᠯ ᠢ ᠬᠠᠷᠢᠭᠤᠴᠠᠬᠤ ᠳᠤ᠂ ᠪᠦᠭᠦ ᠤᠯᠤᠰ ᠤᠨ ᠴᠢᠨᠠᠷᠲᠠᠢ ᠵᠢᠴᠢ ᠲᠡᠭᠦᠨ ᠠᠴᠠ ᠳᠡᠭᠡᠭᠰᠢᠬᠢ︵ᠵᠠᠯᠠᠭᠤᠴᠤᠳ ᠪᠠᠭᠠᠴᠤᠳ᠂ ᠳᠤᠮᠳᠠᠳᠤ ᠰᠤᠷᠭᠠᠭᠤᠯᠢ ᠶᠢᠨ ᠰᠣᠷᠣᠬᠴᠢ U18 ᠵᠢᠴᠢ ᠲᠡᠭᠦᠨ ᠠᠴᠠ ᠳᠡᠭᠡᠭᠰᠢᠬᠢ ᠳᠤᠭᠤᠶᠢᠯᠠᠩ︶ᠤᠷᠤᠯᠳᠤᠭᠠᠨ ᠤ ᠳᠦᠷᠦᠭᠦᠦ ᠨᠠᠢᠮᠠ ᠳᠤ ᠣᠷᠣᠬᠤ ᠪᠤᠶᠤ ᠪᠦᠭᠦ ᠣᠷᠣᠨ ︵ᠪᠦᠭᠦ ᠮᠤᠵᠢ︶ ᠤ ᠪᠡᠶ᠎ᠡ ᠶᠢᠨ ᠲᠠᠮᠢᠷ ᠤᠨ ᠴᠤᠭᠯᠠᠭᠠᠨ︵ᠬᠥᠬᠡ ᠳᠤᠭᠤᠶᠢᠯᠠᠩ︶ ᠤ ᠮᠠᠩᠯᠠᠢ ᠶᠢ ᠭᠦᠷᠳᠡᠭᠦ ᠶᠢᠨ ᠬᠠᠮᠲᠤ ᠨᠢᠭᠡᠳᠦᠭᠡᠷ ᠳᠡᠰ ᠤᠨ ᠲᠠᠮᠢᠷᠴᠢᠨ ᠵᠢᠴᠢ ᠲᠡᠭᠦᠨ ᠠᠴᠠ ᠳᠡᠭᠡᠭᠰᠢᠬᠢ ᠲᠠᠰ ᠤᠨ ᠴᠣᠯᠠ ᠶᠢ ᠭᠥᠷᠳᠡᠭᠰᠡᠨ ᠪᠠᠶᠢᠬᠤ ᠬᠡᠷᠡᠭᠲᠡᠢ᠃          ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号