| | ᠰᠤᠷᠪᠤᠯᠵᠢᠯᠠᠬᠴᠢ 1 ᠰᠠᠷ᠎ᠠ ᠶᠢᠨ 29 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠮᠠᠨ ᠤ ᠣᠷᠣᠨ ᠤ ︽ᠸᠧᠢ ᠺᠧ ᠱᠧᠩ | ᠠᠮᠢᠲᠠᠨ ᠤ ᠴᠢᠰᠤᠨ ᠤ ᠪᠦᠲᠦᠭᠡᠭᠳᠡᠬᠦᠨ ᠢ ᠰᠤᠳᠤᠯᠤᠨ ᠨᠡᠭᠡᠭᠡᠬᠦ ᠲᠥᠪ︾᠂ ︽ᠥᠪᠥᠷ ᠮᠣᠩᠭᠤᠯ ᠤᠨ ᠢᠦᠢ ᠬᠠᠩ | ᠷᠧᠨ ᠴᠢᠴᠠᠷᠭᠠᠨ᠎ᠠ ᠰᠤᠳᠤᠯᠤᠨ ᠨᠡᠭᠡᠭᠡᠬᠦ ᠲᠥᠪ︾ ᠵᠡᠷᠭᠡ ᠠᠮᠢᠳᠤ ᠪᠣᠳᠠᠰ ᠤᠨ ᠡᠮ ᠡᠮᠨᠡᠯᠭᠡ᠂ ᠰᠢᠨ᠎ᠡ ᠮᠠᠲ᠋ᠧᠷᠢᠶᠠᠯ᠂ | ᠲᠡᠷᠢᠭᠦᠨ ᠤ ᠦᠢᠯᠡᠳᠬᠦ ᠦᠢᠯᠡᠰ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ᠂ ᠡᠯᠧᠺᠲᠷᠣᠨ ᠮᠡᠳᠡᠭᠡ | ᠵᠠᠩᠭᠢ᠂ ᠰᠢᠨ᠎ᠡ ᠡᠨᠧᠷᠭᠢ ᠵᠡᠷᠭᠡ ᠣᠯᠠᠨ ᠬᠦᠷᠢᠶᠡᠨ ᠳᠤ ᠬᠤᠯᠪᠣᠭᠳᠠᠭᠰᠠᠨ 254 ᠠᠵᠤ ᠠᠬᠤᠶᠢᠯᠠᠯ ᠤᠨ ᠰᠤᠳᠤᠯᠤᠨ | ᠨᠡᠭᠡᠭᠡᠬᠦ ᠲᠥᠪ ᠵᠥᠪᠰᠢᠶᠡᠷᠡᠯ ᠣᠯᠵᠤ ᠳᠠᠩᠰᠠᠯᠠᠭᠤᠯᠪᠠ᠃ ᠣᠳᠣᠬᠠᠨ ᠳᠤ᠂ ᠮᠠᠨ ᠤ ᠣᠷᠣᠨ ᠤ ᠠᠵᠤ ᠠᠬᠤᠶᠢᠯᠠᠯ ᠤᠨ | ᠰᠤᠳᠤᠯᠤᠨ ᠨᠡᠭᠡᠭᠡᠬᠦ ᠲᠥᠪ ᠨᠢᠭᠡᠨᠲᠡ 1034 ᠪᠣᠯᠵᠤ᠂ ᠡᠲᠡᠭᠡᠷ ᠰᠤᠳᠤᠯᠤᠨ ᠨᠡᠭᠡᠭᠡᠬᠦ ᠲᠥᠪ ᠨᠢ ᠠᠵᠤ | ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ᠂ ᠰᠢᠨ᠎ᠡ ᠶᠢ ᠡᠭᠦᠳᠬᠦ ᠴᠢᠳᠠᠪᠤᠷᠢᠲᠠᠨ ᠢ | ᠬᠥᠮᠥᠵᠢᠭᠦᠯᠬᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠬᠠᠮᠲᠤᠷᠠᠯᠴᠠᠭ᠎ᠠ ᠥᠷᠨᠢᠭᠦᠯᠬᠦ ᠵᠢᠴᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠪᠠ᠃ | | | ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ | ᠴᠣᠭᠴᠠ ᠶᠢᠨ ᠪᠠᠶᠢᠷᠢ ᠰᠠᠭᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠤ ᠰᠤᠳᠤᠯᠭᠠᠨ ᠤ | ᠠᠵᠢᠯᠲᠠᠳ ᠠᠵᠤ ᠠᠬᠤᠶᠢᠯᠠᠯ ᠳᠤ ᠰᠢᠨ᠎ᠡ ᠶᠢ ᠡᠭᠦᠳᠬᠦ ᠦᠢᠯᠡᠴᠢᠯᠡᠭᠡ ᠬᠠᠩᠭᠠᠬᠤ ᠶᠢ ᠬᠥᠬᠢᠭᠦᠯᠦᠨ ᠵᠣᠷᠢᠭᠵᠢᠭᠤᠯᠪᠠ᠃ | ᠮᠠᠨ ᠤ ᠣᠷᠣᠨ ᠤ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ | ᠲᠣᠮᠢᠯᠠᠭᠳᠠᠭᠰᠠᠳ ᠤᠨ ᠠᠵᠢᠯᠯᠠᠬᠤ ᠥᠷᠲᠡᠭᠡ 133 ᠪᠣᠯᠵᠤ᠂ ᠨᠡᠶᠢᠲᠡ 6929 ᠠᠵᠤ ᠠᠬᠤᠶᠢᠯᠠᠯ ᠳᠤ | ᠦᠢᠯᠡᠴᠢᠯᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠶᠡᠭᠡ ᠪᠠᠷ ᠬᠥᠭᠵᠢᠭᠡᠪᠡ᠃ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠢ ᠱᠠᠲᠤ ᠳᠠᠷᠠᠭᠠᠯᠠᠨ ᠬᠥᠭᠵᠢᠭᠦᠯᠬᠦ | ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ ᠬᠥᠭᠵᠢᠭᠦᠯᠪᠡ᠃ ᠣᠳᠣᠬᠠᠨ ᠪᠤᠯᠲᠠᠯ᠎ᠠ᠂ | ᠪᠦᠭᠦ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠳᠤᠮᠳᠠ ᠪᠠᠭ᠎ᠠ ᠠᠵᠤ ᠠᠬᠤᠶᠢᠯᠠᠯ ᠤᠨ ᠶᠡᠷᠦᠩᠬᠡᠢ ᠲᠤᠭ᠎ᠠ ᠲᠣᠰ ᠲᠣᠰ 1887 ᠪᠠ 2539 ᠪᠣᠯᠵᠠᠢ᠃ 2023 | ᠣᠨ ᠳᠤ ᠪᠦᠭᠦ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠨᠡᠶᠢᠲᠡ 2941 | ᠵᠦᠢᠯ ᠪᠠᠶᠢᠵᠤ᠂ ᠡᠭᠦᠨ ᠳᠤ ᠠᠵᠤ ᠠᠬᠤᠶᠢᠯᠠᠯ ᠤᠨ ᠬᠢ 1705 ᠵᠦᠢᠯ ᠪᠠᠶᠢᠵᠤ᠂ 58% ᠶᠢ ᠡᠵᠡᠯᠡᠪᠡ᠃ | | | ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠦᠷᠦ ᠶᠢᠨ ᠶᠠᠪᠤᠳᠠᠯ ᠤᠨ | ᠬᠤᠷᠢᠶᠠᠨ ᠤ ᠰᠠᠨᠠᠯ︾ ᠳᠤ ︽ᠰᠢᠨ᠎ᠡ ᠶᠢ ᠡᠭᠦᠳᠬᠦ ᠬᠥᠭᠵᠢᠯᠲᠡ ᠶᠢᠨ ᠴᠢᠳᠠᠪᠤᠷᠢ ᠶᠢ ᠴᠢᠩᠭᠠᠳᠬᠠᠬᠤ ᠬᠡᠷᠡᠭᠲᠡᠢ︾ ᠭᠡᠵᠦ | ᠴᠢᠬᠤᠯᠠᠴᠢᠯᠠᠵᠠᠢ᠃ ᠥᠨᠥ ᠵᠢᠯ᠂ ᠮᠠᠨ ᠤ ᠣᠷᠣᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠷ ᠭᠤᠣᠯᠳᠠᠯᠭ᠎ᠠ ᠪᠤᠯᠭᠠᠵᠤ᠂ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠲᠥᠷᠥᠯ ᠵᠦᠢᠯ ᠪᠣᠯᠣᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠶᠢ ᠵᠣᠬᠢᠶᠠᠨ ᠪᠠᠶᠢᠭᠤᠯᠵᠤ ᠴᠢᠬᠤᠯᠠ ᠶᠡᠭᠡ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ | ᠰᠢᠪᠲᠤᠯᠬᠤ ᠶᠢ ᠳᠠᠮᠵᠢᠨ᠎ᠠ᠂ ᠡᠭᠦᠨ ᠤ ᠬᠠᠮᠲᠤ ᠲᠡᠷᠢᠭᠦᠨ ᠤ ᠲᠤᠷᠰᠢᠯᠭ᠎ᠠ ᠪᠠ ᠠᠷᠭ᠎ᠠ ᠠᠪᠴᠠᠯ ᠢ ᠳᠡᠯᠭᠡᠷᠡᠭᠦᠯᠬᠦ ᠶᠢ | ᠴᠢᠩᠭᠠᠳᠬᠠᠨ᠎ᠠ᠃ ᠡᠭᠦᠨ ᠠᠴᠠ ᠭᠠᠳᠠᠨ᠎ᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠣᠨᠴᠠ ᠲᠣᠮᠢᠯᠠᠭᠰᠠᠳ ᠤᠨ ᠠᠵᠢᠯ ᠢ ᠭᠦᠨᠵᠡᠭᠡᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ | | ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ |