ᠪᠦᠭᠦ ᠣᠷᠣᠨ ᠤ ᠲᠠᠷᠢᠮᠠᠯ ᠡᠪᠡᠰᠦ ᠶᠢᠨ ᠲᠠᠯᠠᠪᠠᠢ ᠶᠢ 2800 ᠲᠦᠮᠡᠨ ᠮᠦ ᠳᠤ ᠬᠦᠷᠭᠡᠵᠦ ᠰᠥᠯ ᠰᠠᠶᠢᠲᠠᠢ ᠲᠡᠵᠢᠭᠡᠯ ᠡᠪᠡᠰᠦᠨ ᠤ ᠲᠡᠩᠴᠡᠭᠦᠷᠢᠲᠡᠢ ᠬᠠᠩᠭᠠᠯᠭ᠎ᠠ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/2/1
     - ᠤᠳᠤ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠰᠢᠷᠢᠰ ᠲᠠᠶᠢᠯᠤᠮᠵᠢ ②      ︽ᠬᠥᠮᠥᠨ ᠬᠤᠭᠤᠯᠠ ᠪᠠᠷ᠂ ᠭᠦᠯᠦᠭ ᠡᠪᠡᠰᠦ ᠪᠠᠷ︾ ᠭᠡᠳᠡᠭ᠂ ᠡᠪᠡᠰᠦ ᠲᠠᠢ ᠪᠣᠯ ᠰᠠᠶ᠋ᠢ ᠮᠠᠯ ᠲᠠᠢ ᠪᠠᠶᠢᠵᠤ ᠴᠢᠳᠠᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠬᠡᠷᠡᠭᠵᠢᠭᠦᠯᠬᠦ ᠲᠥᠰᠥᠯ ︵2023 - 2025 ᠣᠨ︶︾  ︵ᠳᠣᠣᠷ᠎ᠠ ︽ᠲᠥᠰᠥᠯ︾ ᠭᠡᠵᠦ ᠳᠥᠭᠦᠮᠴᠢᠯᠡᠨ᠎ᠡ︶   ᠢ ᠳᠠᠷᠤᠮᠠᠯᠯᠠᠨ ᠲᠠᠷᠬᠠᠭᠠᠵᠤ᠂ ᠪᠦᠭᠦ ᠣᠷᠣᠨ ᠤ ᠲᠡᠵᠢᠭᠡᠯ ᠡᠪᠡᠰᠦ ᠶᠢᠨ ᠦᠢᠯᠡᠳᠪᠦᠷᠢᠯᠡᠯ ᠡᠵᠡᠩᠨᠡᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ︽ᠲᠠᠷᠢᠮᠠᠯ ᠡᠪᠡᠰᠦ ᠶᠢᠨ ᠬᠡᠪᠴᠢᠶ᠎ᠡ ᠶᠢ ᠥᠷᠭᠡᠳᠬᠡᠵᠦ᠂ ᠬᠠᠰᠢᠶᠠᠯᠠᠨ ᠲᠡᠵᠢᠭᠡᠬᠦ ᠳᠤ ᠬᠡᠷᠡᠭᠰᠡᠬᠦ ᠰᠥᠯ ᠰᠠᠶᠢᠲᠠᠢ ᠲᠡᠵᠢᠭᠡᠯ ᠡᠪᠡᠰᠦᠨ ᠤ ᠲᠡᠩᠴᠡᠭᠦᠷᠢᠲᠡᠢ ᠬᠠᠩᠭᠠᠯᠭ᠎ᠠ ᠶᠢ ᠪᠠᠲᠤᠯᠠᠨ᠎ᠠ︾ ᠭᠡᠵᠦ ᠲᠣᠳᠣᠷᠬᠠᠢ ᠳᠤᠷᠠᠳᠴᠠᠢ᠃      ︽ᠲᠥᠰᠥᠯ︾ ᠳᠤ᠂ ᠣᠳᠣᠬᠠᠨ ᠳᠤ ᠮᠠᠨ ᠤ ᠣᠷᠣᠨ ᠤ ᠲᠡᠵᠢᠭᠡᠯ ᠡᠪᠡᠰᠦ ᠶᠢᠨ ᠦᠢᠯᠡᠳᠪᠦᠷᠢᠯᠡᠯ ᠡᠵᠡᠩᠨᠡᠯᠲᠡ  ᠶᠢᠨ ᠰᠢᠰᠲ᠋ᠧᠮ ᠬᠠᠷᠠᠬᠠᠨ ᠲᠡᠭᠦᠯᠳᠡᠷᠵᠢᠭᠡᠳᠦᠢ ᠪᠠᠶᠢᠭᠰᠠᠭᠠᠷ᠃ ᠪᠠᠶᠢᠭᠠᠯᠢ ᠶᠢᠨ ᠨᠥᠬᠦᠴᠡᠯ᠂ ᠬᠠᠷᠢᠴᠠᠭᠤᠯᠤᠭᠰᠠᠨ ᠦᠷ᠎ᠡ ᠠᠰᠢᠭ ᠵᠡᠷᠭᠡ ᠬᠦᠴᠦᠨ ᠵᠦᠢᠯ ᠳᠤ ᠬᠦᠯᠢᠶᠡᠰᠦᠯᠡᠭᠳᠡᠨ᠂ ᠡᠩ ᠤᠨ ᠪᠠᠶᠢᠳᠠᠯ ᠳᠤ ᠵᠥᠪᠭᠡᠨ ᠡᠯᠡᠰᠦᠷᠬᠡᠭ ᠭᠠᠵᠠᠷ᠂ ᠨᠠᠯᠠᠤ ᠭᠠᠵᠠᠷ ᠪᠠ ᠬᠤᠵᠢᠷᠯᠢᠭ ᠭᠠᠵᠠᠷ ᠲᠤ ᠯᠡ ᠡᠪᠡᠰᠦ ᠲᠠᠷᠢᠵᠤ᠂ ᠤᠰᠤᠯᠠᠯᠲᠠ ᠪᠠ ᠮᠠᠰᠢᠨᠴᠢᠯᠠᠯᠲᠠ ᠵᠡᠷᠭᠡ ᠰᠠᠭᠤᠷᠢ ᠨᠥᠬᠦᠴᠡᠯ ᠢᠶᠠᠷ ᠠᠨᠠᠢ ᠪᠠᠶᠢᠵᠤ᠂ ᠤᠨᠠᠯᠳᠠ ᠪᠠ ᠦᠷ᠎ᠡ ᠠᠰᠢᠭ ᠨᠢ ᠮᠥᠨ ᠬᠦ ᠨᠡᠯᠢᠶᠡᠳ ᠳᠣᠣᠷ᠎ᠠ ᠪᠠᠶᠢᠭᠰᠠᠭᠠᠷ᠃ ᠲᠡᠵᠢᠭᠡᠯ ᠡᠪᠡᠰᠦᠨ ᠤ ᠨᠦᠭᠡᠴᠡᠯᠡᠯᠳᠠ ᠨᠢ ᠲᠸᠭᠨᠢᠭ ᠮᠡᠷᠭᠡᠵᠢᠯ ᠪᠠ ᠬᠤᠷᠢᠶᠠᠨ ᠬᠠᠳᠠᠭᠠᠯᠠᠬᠤ ᠨᠥᠬᠦᠴᠡᠯ ᠳᠤ ᠬᠦᠯᠢᠶᠡᠰᠦᠯᠡᠭᠳᠡᠵᠦ᠂ ᠰᠢᠮ᠎ᠡ ᠲᠡᠵᠢᠭᠡᠯᠲᠦ ᠪᠣᠳᠠᠰ ᠨᠢ ᠶᠡᠭᠡ ᠪᠠᠷ ᠬᠤᠷᠣᠭᠳᠠᠨ᠂ ᠰᠢᠯᠵᠢᠭᠦᠯᠦᠨ ᠵᠥᠭᠡᠭᠡᠪᠦᠷᠢᠯᠡᠬᠦ ᠥᠪᠡᠷ ᠤᠨ ᠥᠷᠲᠡᠭ ᠤᠨ ᠵᠠᠷᠤᠳᠠᠯ ᠨᠢ ᠥᠨᠳᠥᠷ ᠪᠠᠶᠢᠵᠤ᠂ ᠵᠤᠨ ᠨᠥᠭᠡᠴᠡᠯᠡᠵᠦ ᠡᠪᠦᠯ ᠬᠡᠷᠡᠭᠯᠡᠬᠦ ᠲᠠᠯ᠎ᠠ ᠪᠠᠷ ᠴᠠᠭ ᠬᠤᠭᠤᠴᠠᠭ᠎ᠠ ᠪᠠ ᠣᠷᠣᠨ ᠵᠠᠢ ᠶᠢᠨ ᠲᠡᠩᠴᠡᠭᠦᠷᠢ ᠶᠢ ᠪᠡᠶᠡᠯᠡᠭᠦᠯᠬᠦ ᠳᠤ ᠬᠦᠴᠢᠷᠳᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ︽ᠲᠥᠰᠥᠯ︾ ᠳᠤ᠂ 2025 ᠣᠨ ᠪᠤᠯᠬᠤ ᠳᠤ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ᠂ ᠬᠢᠶᠠᠭ ᠡᠪᠡᠰᠦ᠂ ᠪᠣᠷᠳᠣᠭᠠᠨ ᠳᠤ ᠬᠡᠷᠡᠭᠯᠡᠬᠦ ᠨᠣᠬᠠᠢ ᠶᠢᠨ ᠬᠤᠰᠢᠭᠤ ᠪᠠᠷ ᠭᠤᠣᠯ ᠪᠤᠯᠭᠠᠬᠰᠠᠨ ᠪᠦᠭᠦ ᠣᠷᠣᠨ ᠤ ᠲᠠᠷᠢᠮᠠᠯ ᠡᠪᠡᠰᠦ ᠶᠢᠨ ᠲᠠᠯᠠᠪᠠᠢ ᠶᠢ 2800 ᠲᠦᠮᠡᠨ ᠮᠦ ᠳᠤ ᠬᠦᠷᠭᠡᠨ᠎ᠡ᠃ ᠮᠠᠯᠵᠢᠬᠤ ᠲᠠᠷᠢᠶᠠᠯᠠᠬᠤ ᠡᠷᠦᠭᠡ ᠶᠢᠨ ᠥᠪᠡᠷ  ᠢᠶᠠᠨ ᠨᠥᠭᠡᠴᠡᠯᠡᠬᠦ ᠪᠠᠷ ᠭᠤᠣᠯ ᠪᠤᠯᠭᠠᠬᠰᠠᠨ᠂ ᠰᠤᠮᠤ ᠰᠢᠶᠠᠩ ᠪᠠᠯᠭᠠᠰᠤ ᠪᠤᠶᠤ ᠭᠠᠴᠠᠭ᠎ᠠ ᠲᠣᠰᠬᠤᠨ ᠤ ᠳᠤᠮᠳᠠ ᠪᠠᠭ᠎ᠠ ᠭᠡᠯᠪᠡᠷᠢ ᠶᠢᠨ ᠲᠡᠵᠢᠭᠡᠯ ᠡᠪᠡᠰᠦ ᠨᠥᠭᠡᠴᠡᠯᠡᠬᠦ ᠬᠥᠮᠥᠷᠭᠡ ᠪᠠᠷ ᠬᠠᠪᠰᠤᠷᠤᠮᠵᠢ ᠪᠤᠯᠭᠠᠬᠰᠠᠨ᠂ ᠬᠤᠰᠢᠭᠤ ᠰᠢᠶᠠᠨ  ᠤ ᠪᠠᠴᠢᠮ ᠪᠠᠶᠢᠳᠠᠯ ᠢ ᠠᠷᠭᠠᠴᠠᠭᠠᠬᠤ ᠲᠣᠮᠣ ᠭᠡᠯᠪᠡᠷᠢ ᠶᠢᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠪᠠᠷ ᠨᠥᠬᠦᠪᠦᠷᠢ ᠪᠤᠯᠭᠠᠬᠰᠠᠨ ᠲᠡᠵᠢᠭᠡᠯ ᠡᠪᠡᠰᠦ ᠪᠣᠷᠳᠤᠭ᠎ᠠ ᠨᠥᠭᠡᠴᠡᠯᠡᠬᠦ ᠰᠢᠰᠲ᠋ᠧᠮ ᠢ ᠪᠠᠶᠢᠭᠤᠯᠵᠤ᠂ ᠬᠤᠰᠢᠭᠤ ᠰᠢᠶᠠᠨ  ᠤ ᠱᠠᠲᠤᠨ ᠤ 171 ᠲᠡᠵᠢᠭᠡᠯ ᠡᠪᠡᠰᠦ ᠨᠥᠭᠡᠴᠡᠯᠡᠬᠦ ᠬᠥᠮᠥᠷᠭᠡ ᠶᠢ ᠰᠢᠨ᠎ᠡ ᠪᠠᠷ ᠪᠠᠶᠢᠭᠤᠯᠤᠨ᠎ᠠ ᠭᠡᠵᠦ ᠲᠣᠳᠣᠷᠬᠠᠶᠢᠯᠠᠪᠠ᠃      ︽ᠲᠥᠰᠥᠯ︾ ᠳᠤ᠂ ︽ᠤᠰᠤᠨ ᠤ ᠬᠡᠮᠵᠢᠶ᠎ᠡ ᠪᠠᠷ ᠲᠠᠷᠢᠮᠠᠯ ᠡᠪᠡᠰᠦ ᠶᠢ ᠲᠣᠭᠲᠠᠭᠠᠬᠤ᠂ ᠡᠪᠡᠰᠦᠨ ᠤ ᠬᠡᠮᠵᠢᠶ᠎ᠡ  ᠪᠠᠷ ᠮᠠᠯ ‍ᠤᠨ‌‍ᠲ᠋ᠤᠭ᠎ᠠ ᠶᠢ ᠲᠣᠭᠲᠠᠭᠠᠬᠤ︾ ᠶᠢ ᠪᠠᠷᠢᠮᠲᠠᠯᠠᠵᠤ᠂ ᠮᠠᠯ ᠠᠵᠤ ᠠᠬᠤᠢ ᠲᠠᠷᠢᠶᠠᠯᠠᠩ ᠢ ᠤᠶᠠᠯᠳᠤᠭᠤᠯᠵᠤ ᠲᠡᠵᠢᠭᠡᠬᠦ ᠶᠢᠨ ᠲᠥᠯᠥᠭᠡ ᠲᠠᠷᠢᠬᠤ ᠳᠤ ᠰᠠᠭᠤᠷᠢᠯᠠᠨ᠂ ᠥᠨᠳᠥᠷ ᠪᠠᠷᠢᠮᠵᠢᠶᠠᠲᠤ ᠲᠠᠷᠢᠮᠠᠯ ᠡᠪᠡᠰᠦ ᠶᠢᠨ ᠰᠠᠭᠤᠷᠢᠨ ᠢ ᠪᠦᠲᠦᠭᠡᠨ ᠪᠠᠶᠢᠭᠤᠯᠵᠤ᠂ ᠬᠠᠰᠢᠶᠠᠯᠠᠨ ᠲᠡᠵᠢᠭᠡᠬᠦ ᠳᠤ ᠬᠡᠷᠡᠭᠰᠡᠬᠦ ᠰᠥᠯ ᠰᠠᠶᠢᠲᠠᠢ ᠲᠡᠵᠢᠭᠡᠯ ᠡᠪᠡᠰᠦᠨ ᠤ ᠲᠡᠩᠴᠡᠭᠦᠷᠢᠲᠡᠢ ᠬᠠᠩᠭᠠᠯᠭ᠎ᠠ ᠶᠢ ᠪᠠᠲᠤᠯᠠᠨ᠎ᠠ᠃ ᠡᠪᠡᠰᠦᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠵᠤ᠂ ᠨᠢᠭᠡ ᠪᠦᠯᠦᠭ 5 ᠲᠦᠮᠡᠨ ᠮᠦ ᠪᠠ 10 ᠲᠦᠮᠡᠨ ᠮᠦ ᠶᠢᠨ ᠥᠨᠳᠥᠷ ᠪᠠᠷᠢᠮᠵᠢᠶᠠᠲᠤ ᠡᠪᠡᠰᠦᠨ ᠲᠠᠷᠢᠶ᠎ᠠ ᠶᠢ ᠪᠦᠲᠦᠭᠡᠨ ᠪᠠᠶᠢᠭᠤᠯᠤᠨ᠎ᠠ᠃ ᠴᠠᠷᠭᠠᠰᠤ᠂ ᠬᠢᠶᠠᠭ ᠡᠪᠡᠰᠦ᠂ ᠪᠣᠷᠳᠣᠭᠠᠨ ᠳᠤ ᠬᠡᠷᠡᠭᠯᠡᠬᠦ ᠨᠣᠬᠠᠢ  ᠶᠢᠨ ᠬᠤᠰᠢᠭᠤ ᠵᠡᠷᠭᠡ ᠰᠥᠯ ᠰᠠᠶᠢᠲᠠᠢ ᠲᠡᠵᠢᠭᠡᠯ ᠡᠪᠡᠰᠦ ᠲᠠᠷᠢᠬᠤ ᠶᠢ ᠳᠡᠮᠵᠢᠵᠦ᠂ ᠲᠠᠷᠢᠮᠠᠯ ᠡᠪᠡᠰᠦ ᠶᠢᠨ ᠬᠡᠪᠴᠢᠶ᠎ᠡ  ᠶᠢ ᠬᠦᠴᠦᠯᠡᠨ ᠥᠷᠭᠡᠳᠬᠡᠨ᠎ᠡ᠃ ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ︵ᠡᠷᠦᠭᠡ︶᠂ ᠠᠵᠤ ᠠᠬᠤᠶᠢᠯᠠᠯ ᠪᠤᠶᠤ ᠮᠠᠯᠴᠢᠨ‌‍ᠲ᠋ᠠᠷᠢᠶᠠᠴᠢᠨ ᠤ ᠲᠤᠰᠬᠠᠢ ᠬᠤᠷᠰᠢᠶ᠎ᠠ ᠵᠢᠴᠢ ᠲᠡᠵᠢᠭᠡᠯ ᠡᠪᠡᠰᠦ ᠬᠤᠷᠢᠶᠠᠨ ᠨᠥᠭᠡᠴᠡᠯᠡᠬᠦ ᠲᠤᠰᠬᠠᠶᠢᠵᠢᠭᠰᠠᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠭᠤᠣᠯ ᠴᠣᠭᠴᠠ ᠶᠢᠨ ᠰᠥᠯ ᠰᠠᠶᠢᠲᠠᠢ ᠲᠡᠵᠢᠭᠡᠯ ᠡᠪᠡᠰᠦ ᠶᠢ ᠬᠤᠷᠢᠶᠠᠨ ᠨᠥᠭᠡᠴᠡᠯᠡᠵᠦ ᠠᠰᠢᠭᠯᠠᠬᠤ ᠶᠢ ᠲᠠᠮᠵᠢᠨ᠎ᠠ᠃ ᠡᠯ᠎ᠡ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠬᠤᠰᠢᠭᠤ ᠰᠢᠶᠠᠨ ᠤ ᠱᠠᠲᠤᠨ ᠤ ᠲᠣᠮᠣ ᠭᠡᠯᠪᠡᠷᠢ ᠶᠢᠨ ᠲᠡᠵᠢᠭᠡᠯ ᠡᠪᠡᠰᠦ ᠨᠥᠭᠡᠴᠡᠯᠡᠬᠦ ᠬᠥᠮᠥᠷᠭᠡ  ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠴᠢᠩᠭᠠᠳᠬᠠᠨ᠂ ᠲᠡᠵᠢᠭᠡᠯ ᠡᠪᠡᠰᠦᠨ ᠤ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠵᠦ᠂ ᠲᠡᠵᠢᠭᠡᠯ ᠡᠪᠡᠰᠦᠨ ᠤ ᠬᠠᠩᠭᠠᠯᠭ᠎ᠠ ᠬᠡᠷᠡᠭᠴᠡᠭᠡ ᠶᠢᠨ ᠴᠠᠭ ᠬᠤᠭᠤᠴᠠᠭ᠎ᠠ ᠪᠠ ᠣᠷᠣᠨ ᠵᠠᠢ ᠶᠢᠨ ᠲᠡᠩᠴᠡᠭᠦᠷᠢ ᠪᠠᠨ ᠠᠯᠳᠠᠭᠰᠠᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ ᠭᠡᠵᠦ ᠲᠣᠳᠣᠷᠬᠠᠶᠢᠯᠠᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号