K597/600 ᠡᠭᠡᠯᠵᠢ ᠶᠢᠨ ᠭᠠᠯᠲᠤ ᠲᠡᠷᠭᠡ ᠠᠶᠠᠯᠠᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2024/2/1
     1 ᠰᠠᠷ᠎ᠠ ᠶᠢᠨ 26 ᠤ ᠡᠳᠦᠷ᠂ 2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠡᠬᠢᠯᠡᠵᠦ᠂ ᠲᠤᠰ ᠡᠳᠦᠷ ᠤᠨ 20 ᠴᠠᠭ 36 ᠮᠢᠨᠦ᠋ᠲ ᠲᠤ᠂ ᠲᠡᠷᠭᠡ ᠬᠥᠳᠡᠯᠬᠦ ᠶᠢ ᠳᠠᠭᠠᠯᠳᠤᠨ᠂ ᠵᠥᠭᠡᠭᠡᠪᠦᠷᠢᠯᠡᠬᠦ ᠪᠠᠨ ᠵᠣᠭᠰᠣᠭᠠᠳ ᠬᠠᠭᠠᠰ ᠵᠢᠯ ᠪᠣᠯᠤᠭᠰᠠᠨ K597/600 ᠡᠭᠡᠯᠵᠢ ᠶᠢᠨ ᠭᠠᠯᠲᠤ ᠲᠡᠷᠭᠡ ᠭᠦᠭᠡᠬᠤᠳᠠ ᠥᠷᠲᠡᠭᠡᠨ ᠠᠴᠠ ᠮᠣᠷᠳᠠᠨ ᠭᠠᠷᠴᠤ᠂ ᠠᠶᠠᠯᠠᠯ ᠢᠶᠠᠨ ᠰᠡᠷᠭᠦᠭᠡᠭᠰᠡᠨ ᠪᠠᠶᠢᠨ᠎ᠠ᠃      2023 ᠣᠨ ᠤ ᠵᠤᠨ᠂ ᠦᠶᠡᠷ ᠤᠰᠤᠳᠤᠯ ᠤᠨ ᠠᠶᠤᠯ ᠤᠨ ᠰᠢᠯᠲᠠᠭᠠᠨ ᠠᠴᠠ ᠪᠣᠯᠵᠤ᠂ ᠪᠤᠭᠤᠲᠤ - ᠭᠤᠸᠠᠩᠵᠧᠦ ᠬᠦᠷᠬᠦ K597/600 ᠡᠭᠡᠯᠵᠢ ᠶᠢᠨ ᠭᠠᠯᠲᠤ ᠲᠡᠷᠭᠡ ᠠᠶᠠᠯᠠᠯ ᠢᠶᠠᠨ ᠵᠣᠭᠰᠣᠭᠠᠵᠤ᠂ 2024 ᠣᠨ ᠪᠤᠯᠳᠠᠯ᠎ᠠ ᠠᠶᠠᠯᠠᠯ ᠵᠣᠭᠰᠣᠭᠰᠠᠨ ᠪᠠᠶᠢᠨ᠎ᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠠᠶᠠᠨᠴᠢᠳ ᠤᠨ ᠶᠠᠪᠤᠵᠤ ᠰᠠᠭᠤᠬᠤ ᠳᠤ ᠲᠦᠭᠦᠮ ᠦᠵᠡᠭᠦᠯᠭᠦ ᠶᠢᠨ ᠲᠥᠯᠥᠭᠡ᠂ K597/600 ᠡᠭᠡᠯᠵᠢ ᠶᠢᠨ ᠭᠠᠯᠲᠤ ᠲᠡᠷᠭᠡ ᠠᠶᠠᠯᠠᠯ ᠢᠶᠠᠨ ᠰᠡᠷᠭᠦᠭᠡᠵᠦ᠂ ᠠᠶᠠᠨᠴᠢᠳ ᠢ ᠤᠭᠲᠤᠵᠠᠢ᠃ ᠣᠶᠢᠯᠠᠭᠠᠭᠰᠠᠨ ᠢᠶᠠᠷ᠂ K597/600 ᠡᠭᠡᠯᠵᠢ ᠶᠢᠨ ᠭᠠᠯᠲᠤ ᠲᠡᠷᠭᠡ ᠨᠢ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠠᠶᠠᠯᠠᠬᠤ ᠵᠠᠮ ᠱᠤᠭᠤᠮ ᠨᠢ ᠭᠦᠭᠡᠬᠤᠳᠠ ᠠᠴᠠ ᠭᠤᠸᠠᠩᠵᠧᠦ ᠳᠤ ᠬᠦᠷᠬᠦ ᠪᠣᠯᠣᠨ ᠬᠤᠪᠢᠷᠠᠵᠤ᠂ ᠣᠷᠳᠣᠰ᠂ ᠢᠦᠢ ᠯᠢᠨ᠂ ᠰᠦᠢ ᠳ᠋ᠧ᠂ ᠶᠠᠨ ᠠᠨ᠂ ᠫᠦ᠋ ᠴᠧᠩ ᠳ᠋ᠦᠩ᠂ ᠳ᠋ᠠ ᠹᠧᠩ᠂ ᠰᠢ ᠰᠢᠶᠠ ᠵᠡᠷᠭᠡ 22 ᠦᠷᠳᠡᠭᠡ ᠶᠢ ᠥᠩᠭᠡᠷᠡᠵᠦ᠂ ᠠᠶᠠᠯᠠᠬᠤ ᠴᠠᠭ ᠨᠢ 36 ᠴᠠᠭ 02 ᠮᠢᠨᠦ᠋ᠲ ᠪᠣᠯᠣᠨ᠎ᠠ᠃      ᠮᠠᠨ ᠤ ᠣᠷᠣᠨ ᠢ ᠭᠤᠸᠠᠩᠳᠦᠩ ᠮᠤᠵᠢ ᠲᠠᠢ ᠬᠤᠯᠪᠣᠭᠰᠠᠨ ᠭᠠᠯᠲᠤ ᠲᠡᠷᠭᠡ ᠪᠣᠯᠤᠭᠰᠠᠨ ᠤ ᠬᠤᠪᠢ ᠳᠤ᠂ K597/600 ᠡᠭᠡᠯᠵᠢ ᠶᠢᠨ ᠭᠠᠯᠲᠤ ᠲᠡᠷᠭᠡ ᠠᠶᠠᠯᠠᠯ ᠢᠶᠠᠨ ᠰᠡᠷᠭᠦᠭᠡᠭᠰᠡᠨ ᠨᠢ ᠴᠠᠭᠠᠨ ᠰᠠᠷ᠎ᠠ ᠶᠢᠨ ᠵᠥᠭᠡᠭᠡᠪᠦᠷᠢ  ᠶᠢᠨ ᠬᠤᠭᠤᠴᠠᠭᠠᠨ ᠳᠤ ᠬᠦᠴᠦᠨ ᠨᠡᠮᠡᠷᠢᠯᠡᠭᠰᠡᠨ ᠢᠶᠠᠷ ᠦᠯᠦ ᠪᠠᠷᠠᠮ᠂ ᠵᠦᠵᠢᠶᠠᠩ ᠤᠨ ᠭᠤᠷᠪᠠᠯᠵᠢᠨ ᠬᠤᠶᠢᠭ ᠪᠣᠯᠣᠨ ᠮᠠᠨ ᠤ ᠣᠷᠣᠨ ᠯᠤᠭ᠎ᠠ ᠵᠢᠴᠢ ᠪᠤᠰᠤᠳ ᠵᠠᠮ ᠳᠠᠭᠠᠤ ᠮᠤᠵᠢ ᠣᠷᠣᠨ ᠤ ᠠᠵᠤ ᠠᠬᠤᠢ ᠶᠢᠨ ᠬᠠᠷᠢᠯᠴᠠᠭ᠎ᠠ ᠶᠢ ᠨᠢᠭᠲᠠᠷᠠᠭᠤᠯᠵᠤ᠂ ᠠᠶᠠᠨᠴᠢᠳ ᠤᠨ ᠶᠠᠪᠤᠵᠤ ᠰᠠᠭᠤᠵᠤ ᠳᠤ ᠲᠦᠭᠦᠮ ᠦᠵᠡᠭᠦᠯᠭᠦ ᠨᠢ ᠭᠠᠷᠴᠠᠭ᠎ᠠ ᠦᠭᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号