ᠶᠡᠭᠡ ᠲᠦᠷᠭᠡᠨ ᠭᠤᠤᠯ ᠤᠨ ᠳᠥᠷᠪᠡᠨ ᠤᠯᠠᠷᠢᠯ ᠤᠨ ᠦᠵᠡᠮᠵᠢ
ᠨᠡᠶᠢᠲᠡᠯᠡᠭᠰᠡᠨ ᠴᠠᠭ᠄
2024/2/1
     ᠶᠡᠭᠡ ᠲᠦᠷᠭᠡᠨ ᠭᠤᠤᠯ ᠤᠨ ᠬᠠᠪᠤᠷ ᠤᠨ ᠤᠯᠠᠷᠢᠯ ᠳᠤ᠂ ᠡᠭᠦᠯᠡ ᠮᠠᠨᠠᠨ ᠤ  ᠦᠵᠡᠮᠵᠢ ᠵᠢᠷᠤᠭ ᠮᠡᠲᠦ ᠪᠤᠳᠠᠩᠨᠠᠵᠤ᠂ ᠬᠠᠪᠤᠷ ᠤᠨ ᠤᠯᠠᠷᠢᠯ ᠳᠤ ᠴᠡᠴᠡᠭ ᠮᠢᠷᠠᠯᠵᠠᠨ ᠳᠡᠯᠭᠡᠷᠡᠵᠦ᠂ ᠲᠦᠮᠡᠨ ᠪᠣᠳᠠᠰ ᠦᠩᠭᠡ ᠢᠯᠭᠠᠷᠠᠨ ᠮᠢᠷᠠᠯᠵᠠᠨ᠎ᠠ᠃ ᠬᠠᠪᠤᠷ ᠪᠣᠯ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠯᠠᠷᠢᠯ ᠮᠥᠨ᠂  ᠬᠠᠪᠤᠷ ᠤᠨ ᠤᠯᠠᠷᠢᠯ ᠳᠤ ᠵᠤᠭᠠᠴᠠᠬᠤ᠂ ᠴᠡᠴᠡᠭ ᠰᠣᠨᠢᠷᠬᠠᠬᠤ᠂ ᠴᠠᠭᠠᠰᠤᠨ ᠡᠯᠢᠶ᠎ᠡ ᠲᠠᠯᠪᠢᠬᠤ ᠁ ᠬᠠᠪᠤᠷ ‍ᠤᠨ‌ᠤᠯᠠᠷᠢᠯ ᠢ ᠰᠠᠨᠠᠭᠠᠨ ᠲᠠᠪᠠ ᠪᠠᠷ ᠢᠶᠠᠨ ᠡᠳ᠋ᠯᠡᠵᠦ᠂ ᠬᠠᠪᠤᠷ ᠤᠨ ᠰᠠᠶᠢᠬᠠᠨ ᠦᠵᠡᠮᠵᠢ ᠭᠠᠵᠠᠷ ᠪᠣᠯᠭᠠᠨ‌‍ᠳᠤ ᠪᠠᠶᠢᠳᠠᠭ᠃ ᠰᠠᠶᠢᠬᠠᠨ ᠲᠣᠭᠤᠷᠢᠭ ᠤᠨ ᠬᠢᠨ ᠪᠣᠬᠢᠷᠲᠤᠯ ᠦᠭᠡᠢ ᠠᠮᠢ ᠠᠬᠤᠢ ᠶᠢᠨ ᠣᠷᠣᠨ ᠵᠠᠢ ᠶᠢ ᠶᠡᠬᠡᠪᠡᠷ ᠥᠷᠭᠡᠳᠬᠡᠵᠦ᠂ ᠠᠮᠢ ᠠᠬᠤᠢ ᠶᠢ ᠪᠢᠰᠢᠷᠡᠨ ᠵᠢᠷᠦᠬᠡᠰᠢᠶᠡᠵᠦ᠂ ᠪᠣᠬᠢᠷᠲᠤᠯ ᠦᠭᠡᠢ ᠪᠠᠶᠢᠳᠠᠯ ᠢ  ᠪᠠᠲᠤᠯᠠᠵᠤ᠂ ᠬᠤᠳᠠ ᠶᠢᠨ ᠬᠥᠭᠵᠢᠯᠲᠡ ᠳᠤ ᠪᠣᠬᠢᠷᠲᠤᠯ ᠦᠭᠡᠢ ᠰᠠᠭᠤᠷᠢ ᠶᠢ ᠲᠠᠯᠪᠢᠵᠤ ᠥᠭᠴᠡᠢ᠃              ᠶᠡᠭᠡ ᠲᠦᠷᠭᠡᠨ ᠭᠤᠤᠯ ᠤᠨ ᠵᠣᠨ ᠤ ᠤᠯᠠᠷᠢᠯ ᠳᠤ ᠳᠠᠪᠬᠤᠷ ᠳᠠᠪᠬᠤᠷ  ᠪᠠᠭᠯᠠᠷᠠᠨ ᠳᠡᠯᠭᠡᠷᠡᠭᠰᠡᠨ ᠠᠷᠪᠠᠨ ᠭᠠᠵᠠᠷ ᠤᠨ ᠴᠡᠴᠡᠭ ᠤᠨ ᠬᠠᠰᠢᠯᠭ᠎ᠠ ᠲᠠᠢ ᠪᠠᠶᠢᠵᠤ᠂ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠲᠤ ᠢᠭᠴᠤ ᠰᠠᠬᠤᠯᠢᠭ ᠤᠢ ᠰᠢᠭᠤᠢ᠂ ᠦᠩ ᠰᠢᠮᠡᠯᠢᠭ ᠲᠠᠷᠢᠶ᠎ᠠ᠂ ᠴᠡᠪᠡᠷ ᠨᠠᠭᠤᠷ᠂  ᠡᠪᠡᠰᠦ ᠨᠣᠭᠤᠭ᠎ᠠ᠂ ᠬᠤᠸᠠᠷ ᠴᠡᠴᠡᠭ ᠢ ᠨᠡᠮᠡᠷᠢᠯᠡᠵᠦ᠂ ᠠᠮᠢ ᠠᠬᠤᠢ ᠶᠢᠨ ᠡᠯᠧᠮᠧᠨ᠋ᠲ ᠨᠢᠭᠡᠪᠦᠷᠢ ᠳᠤ ︽ᠠᠮᠢ  ᠠᠬᠤᠢ ᠶᠢᠨ ᠨᠢᠭᠤᠴᠠ ᠳᠡᠮᠳᠡᠭ︾ ᠬᠠᠳᠠᠭᠠᠯᠠᠭᠳᠠᠵᠤ ᠪᠤᠢ᠂ ᠴᠡᠯᠡᠭᠡᠷ ᠨᠣᠭᠤᠭᠠᠨ ᠵᠠᠮ ᠨᠢ ᠴᠡᠴᠡᠷᠯᠢᠭ ᠤᠨ ᠣᠶᠢᠲᠤ  ᠭᠠᠵᠠᠷ ᠤᠨ ᠳᠤᠮᠳᠠᠭᠤᠷ ᠨᠡᠪᠳᠡᠷᠡᠵᠦ ᠂ ᠵᠠᠮ ᠳᠠᠭᠠᠤ ᠶᠢᠨ ᠲᠤᠭ᠎ᠠ ᠲᠣᠮᠰᠢ ᠦᠭᠡᠢ ᠨᠣᠮᠢᠨ ᠨᠣᠭᠤᠭᠠᠨ ᠦᠵᠡᠮᠵᠢ᠂  ᠠᠩᠬᠢᠯᠤᠮ᠎ᠠ ᠰᠠᠶᠢᠬᠠᠨ ᠦᠨᠦᠷ ᠠᠮᠲᠠ ᠶᠢ ᠨᠡᠮᠡᠷᠢᠯᠡᠵᠦ᠂ ᠰᠠᠶᠢᠬᠠᠨ ᠲᠣᠭᠤᠷᠢᠭ ᠳᠤ᠂ ᠰᠠᠶᠢᠨ ᠰᠠᠶᠢᠬᠠᠨ ᠦᠵᠡᠮᠵᠢ ᠨᠢ  ᠬᠠᠰᠢᠯᠭ᠎ᠠ ᠠᠯᠤᠰᠯᠠᠵᠤ ᠬᠠᠷᠢᠯᠴᠠᠨ ᠪᠠᠷᠠᠯᠠᠬᠤ ᠪᠠᠨ ᠪᠤᠯᠢᠵᠠᠢ᠃                ᠶᠡᠭᠡ ᠲᠦᠷᠭᠡᠨ ᠭᠤᠤᠯ ᠤᠨ ᠨᠠᠮᠤᠷ ᠤᠨ ᠤᠯᠠᠷᠢᠯ ᠳᠤ᠂ ᠰᠢᠯᠦᠭᠯᠡᠯᠲᠦ  ᠨᠣᠮ ᠤᠨ ᠳᠣᠲᠣᠷᠠᠬᠢ ︽ᠬᠥᠬᠡ ᠣᠭᠲᠠᠷᠭᠤᠶ︾ ᠶᠢᠨ ᠥᠭᠦᠯᠡᠯᠲᠡ ᠪᠠᠷ ᠵᠣᠭᠰᠣᠬᠤ ᠦᠭᠡᠶ᠂ ᠲᠡᠭᠦᠨ ᠤ  ᠦᠵᠡᠮᠵᠢᠲᠦ ᠰᠠᠶᠢᠬᠠᠨ ᠦᠵᠡᠮᠵᠢ ᠨᠢ ᠪᠠᠰᠠ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠤᠨ ᠮᠣᠳᠣᠨ  ᠬᠥᠭᠦᠷᠭᠡ ᠶᠢᠨ ᠵᠠᠮ ᠤᠨ ᠴᠢᠶᠠᠨ ᠳ᠋ᠤᠤ ᠬᠤ᠋ ᠨᠠᠭᠤᠷ ᠤᠨ ᠬᠠᠶᠢᠷ᠎ᠠ ᠶᠢᠨ ᠵᠢᠵᠢᠭ ᠠᠷᠠᠯ ᠳᠤ ᠪᠠᠶᠢᠵᠤ᠂ ᠷᠣᠮᠠᠨᠲ᠋ᠢᠭ  ᠴᠡᠴᠡᠭ ᠤᠨ ᠳᠠᠯᠠᠶ ᠪᠠ ᠠᠷᠪᠠᠨ ᠭᠠᠵᠠᠷ ᠤᠨ ᠴᠡᠴᠡᠭ ᠤᠨ ᠬᠠᠰᠢᠯᠭ᠎ᠠ ᠪᠠᠷ ᠰᠢᠯᠦᠭ ᠤᠨ ᠰᠠᠨᠠᠭ᠎ᠠ ᠠᠬᠤᠢ ᠲᠠᠢ ᠰᠠᠶᠢᠬᠠᠨ ᠲᠣᠭᠤᠷᠢᠭ ᠢ ᠵᠢᠷᠤᠭᠯᠠᠨ᠂ ᠨᠣᠭᠤᠭᠠᠨ ᠪᠠᠲᠤᠴᠠᠭᠠᠨ ᠨᠢ ᠭᠠᠯ ᠮᠡᠲᠦ᠂ ᠴᠡᠴᠡᠷᠯᠢᠭ ᠨᠢ ᠳᠣᠯᠣᠭᠠᠨ ᠥᠩᠭᠡ ᠶᠢᠨ  ᠶᠢᠷᠲᠢᠨᠴᠦ ᠮᠡᠲᠦ᠂ ᠨᠠᠭᠤᠷ ᠴᠥᠭᠦᠷᠥᠮ ᠨᠢ ᠬᠥᠮᠦᠨ ᠤ ᠣᠷᠴᠢᠯᠠᠩ ᠤᠨ ᠠᠷᠰᠢ ᠶᠢᠨ ᠣᠷᠣᠨ ᠮᠡᠲᠦ ᠪᠠᠶᠢᠵᠤ᠂ ᠨᠢᠭᠡ  ᠨᠢᠭᠡ ᠠᠯᠬᠤᠮ ᠢᠶᠠᠷ ᠶᠡᠭᠡ ᠲᠦᠷᠭᠡᠨ ᠭᠤᠤᠯ ᠤᠨ ᠲᠡᠭᠦᠷᠭᠡ ᠶᠢᠨ ᠴᠡᠴᠡᠷᠯᠢᠭ ᠤᠨ ᠨᠠᠮᠤᠷ ᠤᠨ ᠷᠣᠮᠠᠨᠲ᠋ᠢᠭ ᠪᠠᠶᠢᠳᠠᠯ ᠢ  ᠬᠦᠦᠷᠨᠢᠵᠦ ᠪᠠᠶᠢᠳᠠᠭ᠃              ᠶᠡᠭᠡ ᠲᠦᠷᠭᠡᠨ ᠭᠤᠤᠯ ᠤᠨ ᠡᠪᠦᠯ ᠤᠨ ᠤᠯᠠᠷᠢᠯ ᠳᠤ ᠡᠭᠦᠯᠡ ᠮᠠᠨᠠᠨ  ᠰᠤᠭᠤᠨᠠᠭᠯᠠᠨ᠂ ᠬᠡᠳᠦᠨ ᠵᠤᠷᠪᠤᠰ ᠨᠡᠷᠡᠨ ᠤ ᠭᠡᠷᠡᠯ ᠨᠠᠭᠤᠷ ᠳᠡᠭᠡᠷ᠎ᠡ ᠲᠤᠰᠴᠤ᠂ ᠴᠢᠶᠠᠨ ᠳ᠋ᠤᠤ ᠬᠤ᠋ ᠨᠠᠭᠤᠷ ᠢ ᠵᠡᠭᠦᠳᠦ ᠵᠡᠷᠭᠡᠯᠭᠡᠨ ᠮᠡᠲᠦ ᠴᠢᠮᠡᠭᠯᠡᠨ᠎ᠡ᠃ ᠲᠦᠮᠡᠨ ᠪᠣᠳᠠᠰ ᠥᠪᠡᠷ ᠥᠪᠡᠷ ᠤᠨ ᠢᠶᠠᠨ ᠨᠠᠶᠢᠷᠠᠮᠳᠠᠯ ᠢ ᠣᠯᠵᠤ᠂ ᠥᠪᠡᠷ ᠥᠪᠡᠷ ᠤᠨ ᠢᠶᠠᠨ ᠲᠡᠵᠢᠭᠡᠯ ᠢ ᠣᠯᠤᠨ᠎ᠠ᠃ ᠤᠢᠢᠷ᠎ᠠ ᠶᠢᠨ ᠵᠢᠯ ᠠᠴᠠ᠂ ᠰᠠᠶᠢᠬᠠᠨ ᠲᠣᠭᠤᠷᠢᠭ ᠪᠠᠶᠢᠭᠠᠯᠢ ᠶᠢ ᠬᠦᠨᠳᠦᠳᠬᠡᠵᠦ᠂ ᠪᠠᠶᠢᠭᠠᠯᠢ ᠲᠠᠢ ᠵᠣᠬᠢᠴᠠᠵᠤ᠂ ᠪᠠᠶᠢᠭᠠᠯᠢ ᠶᠢ ᠬᠠᠮᠠᠭᠠᠯᠠᠵᠤ᠂ ᠪᠠᠶᠢᠭᠠᠯᠢ ᠶᠢᠨ ᠶᠣᠰᠣ ᠪᠠᠷ ᠲᠦᠮᠡᠨ ᠪᠣᠳᠠᠰ ᠢ ᠲᠡᠵᠢᠭᠡᠵᠦ᠂ ᠬᠥᠮᠦᠨ ᠪᠣᠯᠤᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠰᠢᠨ᠎ᠡ ᠪᠠᠶᠢᠷᠢᠰᠢᠯ ᠢ  ᠪᠦᠷᠢᠯᠳᠦᠭᠦᠯᠬᠦ ᠶᠢ ᠠᠬᠢᠭᠤᠯᠪᠠ᠃              ᠢᠷᠡᠯᠲᠡ᠄ ᠰᠠᠶᠢᠬᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号