ᠥᠨᠳᠥᠷ ᠠᠭᠤᠯᠠ ᠶᠢᠨ ᠴᠠᠨᠠᠯᠠᠯᠲᠠ ᠳᠤ ᠵᠠᠩ ᠶᠠᠩ ᠮᠢᠩ᠂ ᠵᠠᠩ ᠢᠦᠢ ᠶᠢᠩ ᠲᠤᠰ ᠲᠤᠰ ᠮᠠᠩᠯᠠᠶᠢᠯᠠᠪᠠ
ᠨᠡᠶᠢᠲᠡᠯᠡᠭᠰᠡᠨ ᠴᠠᠭ᠄
2024/2/1
     1 ᠰᠠᠷ᠎ᠠ   ᠶᠢᠨ 30 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︵ᠳᠣᠷᠣᠭᠰᠢ ︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠭᠡᠵᠦ ᠲᠣᠪᠴᠢᠯᠠᠨ᠎ᠠ︶ ᠤ ᠥᠨᠳᠥᠷ   ᠠᠭᠤᠯᠠ ᠶᠢᠨ ᠴᠡᠨᠡᠯᠡᠯᠲᠡ ᠶᠢᠨ ᠤᠷᠤᠯᠳᠤᠭᠠᠨ ᠤ ᠪᠦᠷᠢᠨ ᠴᠢᠳᠠᠪᠤᠷᠢ ᠶᠢᠨ ᠤᠷᠤᠯᠳᠤᠭᠠᠨ ᠤ ᠲᠦᠷᠦᠯ ᠢ ᠤᠷᠤᠯᠳᠤᠵᠤ ᠳᠠᠭᠤᠰᠬᠠᠭᠠᠳ᠂ ᠬᠠᠯᠢᠨ ᠭᠤᠯᠭᠤᠭᠰᠠᠨ ᠪᠠ ᠡᠷᠭᠢᠯᠳᠦᠭᠰᠡᠨ ᠬᠢᠷᠢ ᠪᠦᠲᠦᠮᠵᠢ ᠶᠢ ᠬᠠᠷᠢᠯᠴᠠᠨ ᠨᠡᠮᠡᠭᠡᠳ ᠡᠴᠦᠰ ᠲᠡᠭᠡᠨ ᠭᠢᠷᠢᠨ ᠤ ᠠᠩᠭᠢ ᠶᠢᠨ ᠵᠠᠩ ᠶᠠᠩ ᠮᠢᠩ᠂ ᠬᠠᠷᠠᠮᠥ᠋ᠷᠡᠨ ᠤ ᠠᠩᠭᠢ ᠶᠢᠨ ᠵᠠᠩ ᠢᠦᠢ ᠶᠢᠩ ᠲᠤᠰ ᠲᠤᠰ ᠡᠷᠡᠭᠲᠡᠢ᠂ ᠡᠮᠡᠭᠲᠡᠢ ᠶᠢᠨ ᠪᠦᠷᠢᠨ ᠴᠢᠳᠠᠪᠤᠷᠢ ᠶᠢᠨ ᠮᠠᠩᠯᠠᠢ ᠪᠣᠯᠵᠠᠢ᠃      ᠭᠢᠷᠢᠨ ᠤ ᠠᠩᠭᠢ ᠡᠷᠡᠭᠲᠡᠢ ᠶᠢᠨ ᠪᠦᠷᠢᠨ ᠴᠢᠳᠠᠪᠤᠷᠢ ᠶᠢᠨ ᠲᠦᠷᠦᠭᠦᠦ ᠭᠤᠷᠪᠠ ᠶᠢ ᠪᠦᠭᠦᠨ ᠢ ᠡᠵᠡᠯᠡᠪᠡ᠃ ᠵᠠᠩ ᠶᠠᠩ ᠮᠢᠩ 1 ᠮᠢᠨᠦ᠋ᠲ 49 ᠰᠧᠺᠦ᠋ᠨ᠋ᠳ᠋ 80 ᠶᠢᠨ ᠶᠡᠷᠦᠩᠬᠡᠢ ᠬᠢᠷᠢ ᠪᠦᠲᠦᠮᠵᠢ ᠪᠠᠷ ᠮᠠᠩᠯᠠᠶᠢᠯᠠᠪᠠ;ᠠᠩᠭᠢ ᠶᠢᠨ ᠨᠠᠶᠢᠵᠠ ᠯᠢᠦ ᠰᠢᠶᠣᠣ ᠴᠧᠨ ᠬᠡᠳᠦᠶᠢᠪᠡᠷ ᠡᠷᠭᠢᠯᠲᠡ ᠶᠢᠨ ᠤᠷᠤᠯᠳᠤᠭᠠᠨ ᠤ ᠵᠦᠢᠯ ᠳᠤ ᠨᠢᠭᠡᠳᠦᠭᠡᠷ ᠲᠤ ᠵᠢᠭᠰᠠᠭᠠᠭᠳᠠᠭᠰᠠᠨ ᠪᠤᠯᠪᠠᠴᠤ ᠶᠡᠷᠦᠩᠬᠡᠢ ᠬᠢᠷᠢ ᠪᠦᠲᠦᠮᠵᠢ ᠨᠢ ᠵᠠᠩ ᠶᠠᠩ ᠮᠢᠩ ᠠᠴᠠ 0.31 ᠰᠧᠺᠦ᠋ᠨ᠋ᠳ᠋ ᠬᠤᠴᠣᠷᠴᠤ᠂ ᠮᠥᠩᠭᠦᠨ ᠮᠧᠳᠠᠯ ᠣᠯᠵᠠᠢ︔ᠭᠢᠷᠢᠨ ᠤ ᠠᠩᠭᠢ   ᠶᠢᠨ ᠨᠥᠭᠦᠭᠡ ᠨᠢᠭᠡ ᠲᠠᠮᠢᠷᠴᠢᠨ ᠠᠺᠵᠤᠯᠢ·ᠮᠦᠷᠠᠲ᠋ᠢ ᠭᠤᠷᠪᠠᠳᠤᠭᠠᠷ ᠲᠤ ᠣᠷᠣᠵᠠᠢ᠃      ᠡᠮᠡᠭᠲᠡᠢ ᠶᠢᠨ ᠪᠦᠷᠢᠨ ᠴᠢᠳᠠᠪᠤᠷᠢ ᠶᠢᠨ ᠤᠷᠤᠯᠳᠤᠭᠠᠨ ᠤ ᠲᠦᠷᠦᠯ ᠳᠤ᠂ ᠵᠠᠩ ᠢᠦᠢ ᠶᠢᠩ ᠳᠡᠳ᠋ᠯᠡᠭᠰᠡᠨ ᠲᠠᠮᠢᠷᠴᠢᠨ ᠠᠴᠠ 2 ᠰᠧᠺᠦ᠋ᠨ᠋ᠳ᠋ 47 ᠤᠷᠢᠲᠠᠭᠰᠠᠨ ᠬᠠᠷᠢᠴᠠᠯᠠᠰᠢᠭᠦᠢ ᠳᠠᠪᠠᠭᠤᠯᠢᠭ ᠢᠶᠠᠷ ᠮᠠᠩᠯᠠᠶᠢᠯᠠᠵᠤ᠂ ᠶᠡᠷᠦᠩᠬᠡᠢ ᠬᠢᠷᠢ ᠪᠦᠲᠦᠮᠵᠢ ᠨᠢ 1 ᠮᠢᠨᠦ᠋ᠲ 54 ᠰᠧᠺᠦ᠋ᠨ᠋ᠳ᠋ 96 ᠪᠠᠶᠢᠪᠠ᠃ ᠬᠠᠷᠠᠮᠥ᠋ᠷᠡᠨ ᠤ ᠠᠩᠭᠢ ᠶᠢᠨ ᠨᠢᠢ ᠶᠤᠸᠠᠢ ᠮᠢᠩ᠂ ᠬᠤᠪᠧᠢ ᠶᠢᠨ ᠠᠩᠭᠢ ᠶᠢᠨ ᠳ᠋ᠢᠩ ᠵᠢᠶᠧ ᠲᠤᠰ ᠲᠤᠰ ᠬᠤᠶᠠᠳᠤᠭᠠᠷ᠂ ᠭᠤᠷᠪᠠᠳᠤᠭᠠᠷ ᠲᠤ ᠵᠢᠭᠰᠠᠭᠠᠭᠳᠠᠵᠠᠢ᠃      31 ᠤ ᠡᠳᠦᠷ᠂︽ᠠᠷᠪᠠᠨ ᠳᠥᠷᠪᠡᠳᠦᠭᠡᠷ ᠡᠪᠦᠯ ᠤᠨ ᠴᠤᠭᠯᠠᠭᠠᠨ︾ ᠤ ᠥᠨᠳᠥᠷ ᠠᠭᠤᠯᠠᠨ ᠤ ᠴᠠᠨᠠᠯᠠᠯᠲᠠ ᠶᠢᠨ ᠡᠷᠡᠭᠲᠡᠢ ᠶᠢᠨ ᠪᠠ ᠡᠮᠡᠭᠲᠡᠢ ᠶᠢᠨ ᠭᠡᠳᠦ ᠶᠡᠭᠡ ᠡᠷᠭᠢᠯᠲᠡ ᠶᠢᠨ ᠤᠷᠤᠯᠳᠤᠭᠠᠨ ᠤᠯᠤᠰ ᠤᠨ ᠥᠨᠳᠥᠷ ᠠᠭᠤᠯᠠᠨ ᠤ ᠴᠠᠨᠠᠯᠠᠯᠲᠠ ᠶᠢᠨ ᠲᠥᠪ ᠲᠤ ᠦᠷᠭᠦᠯᠵᠢᠯᠡᠨ ᠶᠠᠪᠤᠭᠳᠠᠬᠤ ᠪᠣᠯᠣᠨ᠎ᠠ᠃      ︵ᠢᠷᠡᠯᠲᠡ᠄ ᠰᠢᠨᠬᠤᠸᠠ ᠬᠤᠷᠢᠶ᠎ᠠ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号