ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ ᠵᠢᠯ ᠤᠨ ᠡᠴᠦᠰ ᠵᠢᠯ ᠤᠨ ᠡᠬᠢᠨ ᠤ ᠠᠮᠤᠷ ᠲᠦᠪᠰᠢᠨ ᠤ ᠨᠠᠭᠠᠲᠤ ᠵᠠᠬ᠎ᠠ ᠶᠢᠨ ᠬᠤᠷᠢᠭ᠎ᠠ  ᠱᠤᠭᠤᠮ ᠢ ᠪᠠᠲᠦ ᠰᠠᠬᠢᠬᠤ ᠬᠡᠷᠡᠭᠲᠡᠢ
ᠨᠡᠶᠢᠲᠡᠯᠡᠭᠰᠡᠨ ᠴᠠᠭ᠄
2024/2/2
     ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠷᠢᠶ᠎ᠠ ᠣᠷᠣᠨ ᠤ ᠬᠤᠳᠠᠯᠳᠤᠭ᠎ᠠ ᠳᠡᠯᠭᠡᠭᠦᠷ᠂ ᠰᠠᠭᠤᠭᠠᠯᠢ ᠠᠷᠠᠳ ᠤᠨ ᠠᠶᠤᠯ ᠦᠭᠡᠢ ᠦᠢᠯᠡᠳᠪᠦᠷᠢᠯᠡᠯ ᠤᠨ ᠤᠬᠠᠮᠰᠠᠷ ᠢ ᠦᠨᠡᠨᠬᠦ ᠳᠡᠭᠡᠭᠰᠢᠯᠡᠭᠦᠯᠵᠦ᠂ ᠡᠯ᠎ᠡ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ ᠣᠶᠢᠷ᠎ᠠ ᠳᠤ᠂ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ᠂ ᠴᠠᠩ ᠯᠧ ᠬᠥᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ᠂ ᠤᠯᠠᠭᠠᠨᠴᠠᠪ ᠤᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠲᠣᠮᠢᠯᠠᠭᠰᠠᠨ ᠰᠠᠯᠪᠤᠷᠢ᠂ ᠴᠠᠩ ᠠᠨ ᠤ ᠶᠢᠨ ᠽᠦᠸᠧ ᠠᠳᠠᠯ ᠠᠬᠤᠢ ᠶᠢᠨ ᠺᠣᠮᠫᠠᠨᠢ ᠲᠠᠢ ᠬᠠᠮᠲᠤᠷᠠᠨ ᠂ ᠴᠠᠩ ᠠᠨ ᠤ ᠶᠢᠨ ᠽᠦᠸᠧ ᠨᠡᠶᠢᠲᠡ ᠶᠢᠨ ᠰᠠᠭᠤᠴᠠ᠂ ᠬᠤᠳᠠᠯᠳᠤᠭᠠᠨ ᠤ ᠦᠢᠯᠡᠰ ᠲᠤ ᠴᠢᠭᠯᠡᠭᠦᠯᠦᠨ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠡᠯ᠎ᠡ ᠠᠵᠢᠯ ᠲᠦᠷᠦᠯ ᠤᠨ ᠭᠤᠣᠯ ᠴᠣᠭᠴᠠ ᠶᠢᠨ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠨ᠎ᠠ᠃
     ᠬᠠᠮᠲᠤᠷᠠᠭᠰᠠᠨ ᠵᠢᠭᠰᠠᠭᠠᠨ ᠪᠠᠶᠢᠴᠠᠭᠠᠬᠤ ᠳᠤᠭᠤᠶᠢᠯᠠᠩ ᠤᠷᠢᠳ ᠬᠤᠵᠢᠳ ᠴᠠᠩ ᠠᠨ ᠤ ᠶᠢᠨ ᠽᠦᠸᠧ ᠵᠡᠭᠡᠯᠢ ᠳᠠᠭᠠᠤ ᠶᠢᠨ ᠬᠤᠳᠠᠯᠳᠤᠭᠠᠨ ᠤ ᠫᠦᠰᠡᠨ ᠳᠤ ᠬᠦᠷᠴᠦ ᠠᠶᠤᠯᠭᠦᠢ ᠦᠢᠯᠡᠳᠪᠦᠷᠢᠯᠡᠯ ᠪᠣᠯᠣᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠵᠦ᠂ ᠬᠤᠳᠠᠯᠳᠤᠭᠠᠨ ᠤ ᠫᠦᠰᠡᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠵᠤ᠂ ᠲᠠᠯᠠᠪᠤᠷ ᠭᠠᠵᠠᠷ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠣᠷᠣᠰᠢᠵᠤ ᠪᠠᠶᠢᠭ᠎ᠠ ᠠᠮᠤᠷ ᠲᠦᠪᠰᠢᠨ ᠤ ᠭᠡᠮ ᠰᠣᠭᠤᠭ ᠤᠨ ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤ ᠵᠠᠳᠠᠯᠤᠯᠲᠠ ᠬᠢᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠠᠢ᠃
     ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠠᠮᠲᠤᠷᠠᠭᠰᠠᠨ ᠵᠢᠭᠰᠠᠭᠠᠨ ᠪᠠᠶᠢᠴᠠᠭᠠᠬᠤ ᠳᠤᠭᠤᠶᠢᠯᠠᠩ ᠤᠨ ᠬᠢᠨ ᠬᠠᠷᠢᠭᠤᠴᠠᠯᠭᠠᠲᠠᠨ ᠢ ᠵᠠᠷᠯᠢᠭᠳᠠᠨ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠠᠵᠢᠯ ᠢ ᠨᠢ ᠵᠣᠭᠰᠣᠭᠠᠵᠤ ᠴᠡᠭᠴᠡᠯᠡᠬᠦ ᠶᠢ ᠱᠠᠭᠠᠷᠳᠠᠬᠤ ᠶᠢᠨ ᠬᠠᠮᠲᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠠᠮᠤᠷ ᠲᠦᠪᠰᠢᠨ ᠤ ᠬᠥᠮᠦᠵᠢᠯ ᠬᠢᠵᠦ᠂ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠮᠡᠳᠡᠭᠳᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠴᠢᠩᠭᠠᠳᠬᠠᠨ᠂ ᠠᠮᠤᠷ ᠲᠦᠪᠰᠢᠨ ᠤ ᠳᠠᠯᠳᠠ ᠬᠡᠮ ᠢ ᠬᠢᠨᠠᠮᠠᠭᠠᠢ ᠴᠡᠭᠴᠡᠯᠡᠨ ᠰᠠᠶᠢᠵᠢᠷᠠᠭᠤᠯᠤᠨ᠎ᠠ᠃
     ᠲᠣᠰ ᠤᠳᠠᠭᠠᠨ ᠤ ᠬᠠᠮᠲᠤᠷᠠᠭᠰᠠᠨ ᠠᠮᠤᠷ ᠲᠦᠪᠰᠢᠨ ᠤ ᠶᠡᠭᠡ ᠪᠠᠶᠢᠴᠠᠭᠠᠯᠲᠠ ᠨᠢ ᠬᠠᠷᠢᠶᠠᠲᠤ ᠣᠷᠣᠨ ᠤ ᠬᠤᠳᠠᠯᠳᠤᠭᠠᠨ ᠤ ᠳᠡᠯᠭᠡᠭᠦᠷ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠥᠭᠡᠳ ᠠᠮᠤᠷ ᠲᠦᠪᠰᠢᠨ ᠤ ᠰᠡᠷᠡᠮᠵᠢ ᠶᠢᠨ ᠳᠣᠬᠢᠶ᠎ᠠ ᠶᠢ ᠳᠠᠬᠢᠨᠲᠠ ᠳᠤᠤᠭᠠᠷᠭᠠᠪᠠ᠃ ᠰᠠᠶᠢᠬᠠᠨ ᠲᠣᠭᠤᠷᠢᠭ ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠡᠷᠲᠡ ᠠᠴᠠ ᠢᠯᠡᠷᠡᠭᠦᠯᠬᠦ᠂ ᠡᠷᠲᠡ ᠠᠴᠠ ᠰᠡᠷᠭᠡᠶᠢᠯᠡᠬᠦ᠂ ᠡᠷᠲᠡ ᠠᠴᠠ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠤᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号