| | ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠲᠥᠪᠯᠡᠷᠡᠭᠦᠯᠦᠨ ᠠᠷᠠᠯᠵᠢᠶᠠᠯᠠᠬᠤ ᠵᠠᠬ᠎ᠠ | ᠳᠡᠯᠭᠡᠭᠦᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠴᠢᠨᠠᠭᠰᠢᠳᠠ ᠪᠠᠬᠢᠵᠢᠭᠦᠯᠵᠦ᠂ ᠵᠠᠬ᠎ᠠ | ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠢ ᠦᠨᠡᠨᠬᠦ ᠠᠷᠢᠯᠭᠠᠵᠤ᠂ | ᠥᠷᠭᠡᠨ ᠤᠯᠠᠨ ᠠᠷᠠᠳ ᠲᠦᠮᠡᠨ ᠤ ᠠᠮᠤᠷ ᠲᠦᠪᠰᠢᠨ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠢ | ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠬᠢᠯᠭᠠᠨ ᠳᠤᠯᠠᠭᠠᠯᠠᠭᠤᠷ᠂ ᠴᠠᠬᠢᠯᠭᠠᠨ ᠡᠭᠦᠰᠬᠡᠭᠴᠢ ᠶᠢᠨ ᠤᠭᠯᠠᠭᠤᠷᠭ᠎ᠠ᠂ | ᠵᠤᠤᠬᠠᠨ ᠤ ᠨᠡᠭᠡᠯᠡᠭᠡᠢ ᠵᠡᠷᠭᠡ ᠠᠵᠤ ᠦᠢᠯᠡᠳᠪᠦᠷᠢ ᠶᠢᠨ ᠪᠦᠲᠦᠭᠡᠭᠳᠡᠬᠦᠨ ᠢᠶᠠᠷ ᠭᠤᠣᠯᠳᠠᠯᠭ᠎ᠠ ᠪᠣᠯᠭᠠᠵᠤ᠂ ᠠᠮᠤᠷ | ᠲᠦᠪᠰᠢᠨ ᠤ ᠬᠢᠨᠠᠯᠲᠠ ᠪᠠᠶᠢᠴᠠᠭᠠᠯᠲᠠ ᠶᠢ ᠥᠷᠨᠢᠭᠦᠯᠪᠡ᠃ | | | | | | | ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠡᠩ ᠲᠡᠷᠢᠭᠦᠨ ᠳᠤ ᠡᠵᠡᠩᠨᠡᠭᠴᠢ ᠶᠢᠨ | ᠭᠤᠣᠯ ᠴᠣᠭᠴᠠ ᠶᠢᠨ ᠡᠵᠡᠩᠨᠡᠯᠲᠡ ᠶᠢᠨ ᠬᠢᠷᠢ ᠬᠡᠮ ᠢ ᠪᠠᠶᠢᠴᠠᠭᠠᠨ ᠦᠵᠡᠵᠦ᠂ ᠦᠢᠯᠡᠳᠬᠦᠨ ᠳᠤ ᠦᠨᠡᠮᠯᠡᠯ ᠦᠭᠡᠢ | ᠦᠢᠯᠡᠳᠬᠦᠨ ᠪᠣᠷᠣᠯᠠᠭᠤᠯᠤᠭᠰᠠᠨ ᠡᠰᠡᠬᠦ᠂ ᠦᠢᠯᠡᠳᠬᠦᠨ ᠤ ᠨᠢᠭᠡᠳᠦᠯᠲᠦ ᠴᠢᠨᠠᠷ ᠨᠢ ᠨᠡᠶᠢᠴᠡᠬᠦ ᠦᠭᠡᠢ ᠪᠠᠶᠢᠬᠤ᠂ | ᠦᠢᠯᠡᠳᠬᠦᠨ ᠨᠢ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠪᠠ ᠠᠯᠪᠠᠳᠠᠯᠭ᠎ᠠ ᠶᠢᠨ ᠴᠢᠨᠠᠷᠲᠠᠢ | ᠭᠡᠷᠡᠴᠢᠯᠡᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠬᠤ ᠵᠡᠷᠭᠡ ᠠᠰᠠᠭᠤᠳᠠᠯ᠂ ᠪᠠᠷᠠᠭ᠎ᠠ ᠣᠷᠣᠭᠤᠯᠬᠤ ᠶᠢ ᠰᠢᠯᠭᠠᠨ | ᠠᠪᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠷᠠᠭ᠎ᠠ ᠣᠷᠣᠭᠤᠯᠬᠤ ᠶᠢ ᠰᠢᠯᠭᠠᠨ ᠠᠪᠬᠤ ᠡᠬᠡ ᠲᠠᠩᠰᠠ | ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠪᠠ᠃ ᠣᠲᠣ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ | ᠨᠡᠶᠢᠲᠡ 286 ᠬᠥᠮᠥᠨ ᠤᠳᠠᠭ᠎ᠠ ᠬᠥᠳᠡᠯᠭᠡᠵᠦ᠂ ᠡᠵᠡᠩᠨᠡᠯᠲᠡ ᠶᠢᠨ ᠡᠷᠦᠬᠡ ᠶᠢ 237 ᠪᠠᠶᠢᠴᠠᠭᠠᠵᠤ᠂ | ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠢ ᠴᠥᠮ ᠳᠠᠷᠤᠶᠢᠬᠠᠨ ᠴᠡᠭᠴᠡᠯᠡᠨ ᠥᠭᠡᠷᠡᠴᠢᠯᠡᠭᠦᠯᠬᠦ ᠪᠠᠷ | ᠵᠠᠷᠯᠢᠭᠳᠠᠵᠠᠢ᠃ | | | | | | | ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠢᠨ ᠦᠢᠯᠡᠳᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠡᠮ | ᠰᠣᠭᠤᠭ ᠢ ᠡᠬᠢ ᠡᠭᠦᠰᠦᠯ ᠠᠴᠠ ᠨᠢ ᠰᠡᠷᠭᠡᠶᠢᠯᠡᠨ ᠠᠷᠢᠯᠭᠠᠵᠤ᠂ ᠮᠠᠭᠤ ᠪᠠᠷ ᠰᠠᠶᠢᠨ ᠢ ᠣᠷᠣᠯᠠᠭᠤᠯᠬᠤ᠂ ᠬᠢᠷᠢ ᠲᠡᠩᠴᠡᠬᠦ | ᠦᠭᠡᠢ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠶᠢ ᠴᠢᠩᠭ᠎ᠠ ᠰᠡᠷᠭᠡᠶᠢᠯᠡᠵᠦ᠂ ᠦᠢᠯᠡᠳᠬᠦᠨ ᠤ ᠶᠠᠰᠤ ᠴᠢᠨᠠᠷ ᠤᠨ | ᠠᠮᠤᠷ ᠲᠦᠪᠰᠢᠨ ᠢ ᠦᠨᠡᠨᠬᠦ ᠪᠠᠲᠤᠯᠠᠵᠤ᠂ ᠥᠷᠭᠡᠨ ᠤᠯᠠᠨ ᠬᠡᠷᠡᠭᠯᠡᠭᠴᠢᠳ ᠲᠤ ᠰᠠᠨᠠᠭ᠎ᠠ ᠠᠮᠤᠷ ᠠᠮᠤᠷ ᠲᠦᠪᠰᠢᠨ | ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃ | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |