| | ᠰᠢᠨ᠎ᠡ ᠵᠢᠯ ᠡᠬᠢᠯᠡᠮᠡᠭᠴᠡ᠂ ᠬᠠᠷᠪᠢᠨ ᠤ ᠵᠢᠭᠤᠯᠴᠢᠯᠠᠯ ᠤᠨ ᠬᠠᠯᠠᠭᠤᠷᠠᠯ ᠨᠢ ᠳᠤᠮᠳᠠᠳᠤ ᠤᠯᠤᠰ ᠤᠨ | ᠵᠢᠭᠤᠯᠴᠢᠯᠠᠯ ᠤᠨ ᠵᠠᠬ᠎ᠠ ᠳᠡᠯᠭᠡᠭᠦᠷ ᠲᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃ ᠤᠮᠠᠷᠠᠲᠤ ᠣᠷᠣᠨ ᠤ ᠮᠥᠰᠥ | ᠴᠠᠰᠤᠨ ᠤ ᠵᠢᠭᠤᠯᠴᠢᠯᠠᠯ ᠠᠴᠠ ᠡᠮᠦᠨᠡᠲᠦ ᠣᠷᠣᠨ ᠤ ︽ᠴᠡᠴᠡᠭ ᠤᠨ ᠲᠠᠯᠠᠢ ᠶᠢᠨ ᠠᠵᠤ ᠠᠬᠤᠢ︾ ᠭᠦᠷᠲᠡᠯ᠎ᠡ᠂ ᠪᠦᠭᠦ | ᠤᠯᠤᠰ ᠤᠨ ᠡᠯ᠎ᠡ ᠭᠠᠵᠠᠷ ᠲᠤ ᠰᠣᠶᠣᠯ ᠵᠢᠭᠤᠯᠴᠢᠯᠠᠯ ᠤᠨ ᠭᠦᠷ ᠬᠥᠭᠵᠢᠶᠡᠨᠲᠦ ᠪᠠᠶᠢᠳᠠᠯ ᠦᠷᠭᠦᠯᠵᠢᠯᠡᠨ ᠢᠯᠡᠷᠡᠵᠡᠢ᠃ | | | ᠪᠠᠶᠢᠭᠠᠯᠢ ᠶᠢᠷᠲᠢᠨᠴᠦ ᠶᠢᠨ ᠠᠯᠢᠪᠠ ᠪᠦᠭᠦᠨ ᠰᠢᠨᠡᠳᠦᠨ ᠬᠥᠭᠵᠢᠵᠦ᠂ ᠰᠢᠨ᠎ᠡ ᠬᠡᠷᠡᠭ ᠪᠣᠳᠠᠰ ᠰᠢᠨ᠎ᠡ ᠦᠵᠡᠯ | ᠰᠠᠨᠠᠭ᠎ᠠ ᠲᠠᠰᠤᠷᠠᠯᠲᠠ ᠦᠭᠡᠢ ᠤᠨᠳᠤᠷᠤᠨ᠎ᠠ᠃ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠡᠷᠬᠡᠪᠰᠢ ᠴᠠᠭ ᠦᠶ᠎ᠡ ᠪᠠᠷ ᠪᠠᠷᠢᠮᠵᠢᠶ᠎ᠠ ᠪᠤᠯᠭᠠᠵᠤ᠂ ᠰᠢᠨ᠎ᠡ ᠶᠢ ᠡᠭᠦᠳᠬᠦ ᠪᠠᠷ | ᠵᠢᠯᠣᠭᠤᠳᠤᠮᠵᠢ ᠪᠣᠯᠭᠠᠪᠠᠯ ᠰᠠᠶ᠋ᠢ ᠢᠮᠠᠭᠲᠠ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠴᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ | ᠰᠡᠷᠭᠦᠨ ᠮᠠᠨᠳᠤᠯᠲᠠ ᠶᠢᠨ ᠬᠠᠮᠤᠭ ᠤᠨ ᠬᠦᠴᠦᠷᠬᠡᠭ ᠬᠠᠮᠲᠤ ᠶᠢᠨ ᠰᠡᠳᠬᠢᠯ ᠢ ᠪᠠᠬᠢᠵᠢᠭᠦᠯᠵᠦ ᠴᠢᠳᠠᠨ᠎ᠠ᠃ | | | ᠶᠡᠷᠦᠩᠬᠡᠢ ᠱᠦᠵᠢ ᠰᠢ ᠶᠢᠨ ᠫᠢᠩ᠄ ︽ᠳᠤᠮᠳᠠᠳᠤ ᠶᠢᠨ ᠪᠣᠯᠪᠠᠰᠤᠨ ᠳᠤ ᠲᠣᠪᠣᠶᠢᠮ᠎ᠠ ᠰᠢᠨ᠎ᠡ ᠶᠢ ᠡᠭᠦᠳᠬᠦ | ᠴᠢᠨᠠᠷ ᠲᠠᠢ ᠪᠠᠶᠢᠳᠠᠭ᠂ ᠡᠨᠡ ᠨᠢ ᠳᠤᠮᠳᠠᠳᠤ ᠶᠢᠨ ᠦᠨᠳᠦᠰᠦᠲᠡᠨ ᠤ ᠲᠥᠪ ᠶᠣᠰᠣ ᠶᠢ ᠪᠠᠷᠢᠮᠲᠠᠯᠠᠭᠰᠠᠨ ᠴᠤ | ᠬᠠᠭᠤᠴᠢᠨ ᠢᠶᠠᠨ ᠪᠠᠷᠢᠮᠲᠠᠯᠠᠬᠤ ᠦᠭᠡᠢ᠂ ᠡᠷᠲᠡᠨ ᠤ ᠬᠢ ᠶᠢ ᠬᠦᠨᠳᠦᠳᠬᠡᠭᠰᠡᠨ ᠴᠤ ᠡᠷᠲᠡᠨ ᠤ ᠬᠢ ᠶᠢ ᠥᠯᠥ | ᠰᠡᠷᠭᠦᠭᠡᠬᠦ ᠤᠷᠤᠭᠰᠢᠯᠠᠨ ᠳᠠᠪᠰᠢᠬᠤ ᠵᠣᠷᠢᠭ ᠰᠠᠨᠠᠭ᠎ᠠ ᠶᠢ ᠦᠨᠳᠦᠰᠦᠨ ᠠᠴᠠ ᠨᠢ ᠲᠣᠭᠲᠠᠭᠠᠵᠤ᠂ ᠳᠤᠮᠳᠠᠳᠤ ᠶᠢᠨ | ᠦᠨᠳᠦᠰᠦᠲᠡᠨ ᠰᠢᠨ᠎ᠡ ᠥᠷᠢᠰᠦᠯᠳᠦᠭᠡᠨ ᠠᠴᠠ ᠠᠶᠤᠬᠤ ᠦᠭᠡᠢ᠂ ᠰᠢᠨ᠎ᠡ ᠬᠡᠷᠡᠭ ᠪᠣᠳᠠᠰ ᠢ ᠵᠣᠷᠢᠭᠲᠠᠢ ᠪᠠᠷ ᠭᠥᠯᠢᠶᠡᠨ | ᠠᠪᠬᠤ ᠬᠠᠳᠠᠨ ᠵᠣᠷᠢᠭ ᠢ ᠲᠣᠭᠲᠠᠭᠠᠭᠰᠠᠨ ᠶᠤᠮ︾ ᠭᠡᠵᠦ ᠵᠢᠭᠠᠵᠤ ᠭᠠᠷᠭᠠᠪᠠ᠃ ᠰᠢᠨ᠎ᠡ ᠶᠢ ᠡᠭᠦᠳᠬᠦ ᠪᠣᠯ | ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ ᠴᠤᠭ ᠵᠢᠪᠬᠤᠭ᠎ᠠ ᠮᠥᠨ᠂ ᠪᠠᠰᠠ ᠴᠤ ᠰᠤᠷᠲᠠᠯ ᠤᠬᠠᠭᠤᠯᠭ᠎ᠠ | ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠶᠢ ᠲᠠᠰᠤᠷᠠᠯᠳᠠ | ᠦᠭᠡᠢ ᠢᠯᠡᠷᠡᠭᠦᠯᠬᠦ ᠵᠠᠶᠢᠯᠠᠰᠢ ᠦᠭᠡᠢ ᠵᠠᠮ ᠮᠥᠨ᠃ | | | ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠤᠨᠤᠯ ᠤᠨ ᠰᠤᠷᠤᠯᠴᠠᠯᠭ᠎ᠠ ᠰᠢᠨ᠎ᠡ ᠥᠷᠨᠢᠯᠲᠡ ᠲᠠᠢ ᠪᠣᠯᠪᠠ᠃ | 8090 ᠰᠢᠨ᠎ᠡ ᠴᠠᠭ ᠦᠶ᠎ᠡ ᠶᠢᠨ ᠣᠨᠣᠯ ᠤᠨ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠬᠢᠨ ︽ᠨᠠᠢᠮᠠ | ᠨᠠᠢᠮᠠ ᠶᠢᠨ ᠪᠠᠶᠢᠯᠳᠤᠬᠤ ᠪᠣᠳᠣᠯᠭ᠎ᠠ︾ ᠵᠣᠯ ᠵᠢᠷᠭᠠᠯᠲᠤ ᠠᠮᠢᠳᠤᠷᠠᠯ ᠢ ᠬᠥᠲᠥᠯᠥᠨ ᠳᠠᠭᠠᠭᠤᠯᠤᠭᠰᠠᠨ ᠨᠢᠭᠤᠴᠠ | ᠨᠣᠮᠧᠷ ᠢ ᠠᠮᠢᠳᠤᠯᠢᠭ ᠢᠶᠠᠷ ᠶᠠᠷᠢᠵᠤ᠂ ︽ᠰᠦᠯᠵᠢᠶᠡᠨ ᠤᠳᠤᠨ ᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ︾ | ᠨᠢ ᠵᠠᠯᠠᠭᠤᠴᠤᠳ ᠤᠨ ᠳᠤᠮᠳᠠ ᠬᠠᠯᠠᠭᠤᠷᠠᠯ ᠪᠣᠯᠵᠤ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ | ᠰᠤᠷᠤᠯᠴᠠᠯᠭ᠎ᠠ ᠶᠢᠨ ᠬᠠᠪᠰᠤᠷᠤᠨ ᠵᠢᠯᠤᠭᠤᠳᠬᠤ ᠤᠩᠰᠢᠬᠤ ᠪᠢᠴᠢᠭ ᠨᠢ ︽ᠲᠠᠷᠢᠶᠠᠴᠢᠳ ᠤᠨ ᠪᠠᠭ᠋ᠠᠷᠬᠠᠳᠠᠭ ᠵᠠᠭᠤᠨ | ᠵᠦᠢᠯ ᠤᠨ ᠨᠣᠮ ᠪᠢᠴᠢᠭ︾ ᠲᠤ ᠵᠢᠭᠰᠠᠭᠠᠭᠳᠠᠵᠤ᠂ ᠬᠥᠳᠡᠭᠡ ᠲᠣᠰᠬᠤᠨ ᠤ ︽ᠵᠢᠵᠢᠭ ᠬᠢᠴᠢᠶᠡᠯ ᠤᠨ ᠲᠠᠩᠬᠢᠮ︾ ᠤᠨ | ᠠᠵᠢᠯᠯᠠᠭ᠎ᠠ ᠭᠦᠷ ᠬᠥᠭᠵᠢᠶᠡᠨᠲᠡᠢ ᠶᠠᠪᠤᠭᠳᠠᠵᠤ᠂ ︽ᠣᠨᠣᠯ ᠤᠨ ᠬᠠᠯᠠᠮᠰᠢᠯ ᠠᠰᠠᠭᠤᠳᠠᠯ ᠳᠤ ᠰᠢᠭᠤᠳ ᠬᠠᠨᠳᠤᠬᠤ︾ | ᠲᠥᠭᠦᠮ ᠣᠶᠢᠯᠠᠭᠠᠮᠵᠢᠲᠠᠢ ᠰᠢᠷᠢᠰ ᠣᠨᠣᠯ ᠤᠨ ᠤᠩᠰᠢᠬᠤ ᠪᠢᠴᠢᠭ ᠨᠢ ᠰᠢᠨ᠎ᠡ ᠰᠡᠪᠡᠭᠦᠨ ᠪᠠᠶᠢᠵᠤ᠂ ᠣᠯᠠᠨ ᠤ | ᠬᠦᠷᠢᠶᠡᠯᠡᠯ ᠢ ᠥᠷᠭᠡᠨ ᠢᠶᠠᠷ ᠣᠯᠪᠠ ᠁ ᠰᠢᠨ᠎ᠡ ᠴᠠᠭ ᠦᠶ᠎ᠡ ᠠᠴᠠ ᠨᠠᠭᠠᠰᠢ᠂ ᠨᠠᠮ ᠤᠨ ᠣᠨᠣᠯ ᠤᠨ ᠰᠢᠨ᠎ᠡ | ᠡᠭᠦᠳᠦᠯᠲᠡ ᠪᠠ ᠦᠢᠯᠡᠳᠦᠯᠭᠡ ᠶᠢᠨ ᠰᠢᠨ᠎ᠡ ᠡᠭᠦᠳᠦᠯᠲᠡ ᠨᠢ ᠲᠤᠶᠢᠯ ᠤᠨ ᠠᠮᠢᠳᠤᠯᠢᠭ ᠪᠠᠶᠢᠵᠤ᠂ ᠤᠨᠤᠯ ᠤᠨ | ᠰᠤᠷᠤᠯᠴᠠᠯᠭ᠎ᠠ ᠨᠢ ᠴᠤ ᠤᠯᠠᠮ ᠠᠴᠠ ᠤᠯᠠᠮ ᠠᠮᠢᠳᠤᠯᠢᠭ ᠪᠣᠯᠵᠤ ᠪᠠᠶᠢᠨ᠎ᠠ᠃ ᠰᠤᠷᠲᠠᠯ ᠤᠬᠠᠭᠤᠯᠭ᠎ᠠ ᠦᠵᠡᠯ ᠰᠠᠨᠠᠭ᠎ᠠ | ᠰᠣᠶᠣᠯ ᠤᠨ ᠹᠷᠣᠨᠲ ᠤᠨ ᠬᠢᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠪᠦᠭᠦ ᠨᠠᠮ ᠢ ᠵᠡᠪᠰᠡᠭᠯᠡᠬᠦ᠂ ᠠᠷᠠᠳ | ᠲᠦᠮᠡᠨ ᠢ ᠬᠥᠮᠥᠵᠢᠭᠦᠯᠬᠦ ᠡᠨᠡ ᠬᠦ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠦᠷᠭᠦᠯᠵᠢᠯᠡᠨ ᠤᠨᠤᠯ ᠰᠤᠷᠤᠯᠴᠠᠬᠤ ᠠᠷᠭ᠎ᠠ ᠭᠡᠯᠪᠡᠷᠢ ᠶᠢᠨ ᠰᠢᠨ᠎ᠡ ᠶᠢ ᠡᠭᠦᠳᠴᠦ᠂ ᠰᠤᠷᠤᠯᠴᠠᠬᠤ | ᠠᠴᠢᠶᠠᠯᠠᠪᠤᠷᠢ ᠶᠢ ᠥᠷᠭᠡᠳᠬᠡᠵᠦ᠂ ᠰᠤᠷᠤᠯᠴᠠᠬᠤ ᠠᠭᠤᠯᠭ᠎ᠠ ᠵᠡᠷᠭᠡ ᠶᠢ ᠪᠠᠶᠠᠯᠢᠭᠵᠢᠭᠤᠯᠵᠤ᠂ ᠨᠠᠮ ᠤᠨ ᠰᠢᠨ᠎ᠡ ᠶᠢ | ᠡᠭᠦᠳᠦᠭᠰᠡᠨ ᠤᠨᠤᠯ ᠢ ︽ᠠᠷᠠᠳ ᠲᠦᠮᠡᠨ ᠤ ᠳᠡᠷᠭᠡᠳᠡ ᠬᠦᠷᠭᠡᠬᠦ︾ ᠶᠢ ᠠᠬᠢᠭᠤᠯᠪᠠ᠃ | | | ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠰᠢᠨ᠎ᠡ ᠴᠢᠳᠠᠪᠤᠷᠢ ᠪᠠᠨ ᠲᠠᠰᠤᠷᠠᠯᠲᠠ ᠦᠭᠡᠢ ᠪᠣᠯᠪᠠᠰᠤᠷᠠᠭᠤᠯᠪᠠ᠃ | ︽ᠽᠠᠩᠵᠢᠨ ᠨᠠᠭᠤᠷ︾᠂︽ᠠᠭᠤᠯᠠ ᠤᠰᠤᠨ ᠤ ᠬᠠᠶᠢᠷ᠎ᠠ ᠰᠡᠳᠬᠢᠯᠭᠡ︾᠂︽ᠥᠨᠢᠳᠡ ᠪᠠᠯᠠᠷᠠᠰᠢ ᠦᠭᠡᠢ ᠴᠠᠭᠢᠯᠭᠠᠨ | ᠳᠣᠯᠭᠢᠶᠠᠨ︾ ᠵᠡᠷᠭᠡ ᠤᠳᠬ᠎ᠠ ᠤᠷᠠᠯᠢᠭ ᠤᠨ ᠪᠦᠲᠦᠭᠡᠯ ᠨᠢ ᠰᠢᠨ᠎ᠡ ᠦᠯᠢᠭᠡᠷ᠂ ᠰᠢᠨ᠎ᠡ ᠳᠦᠷᠢ ᠲᠥᠷᠬᠦ᠂ ᠰᠢᠨ᠎ᠡ ᠭᠦᠭ | ᠠᠶᠠᠰ᠂ ᠰᠢᠨ᠎ᠡ ᠬᠡᠪ ᠨᠠᠮᠪᠠ ᠪᠠᠷ ᠴᠠᠭ ᠦᠶ᠎ᠡ ᠶᠢᠨ ᠲᠠᠭᠤᠨ᠂ ᠠᠷᠠᠳ ᠲᠦᠮᠡᠨ ᠤ ᠲᠠᠭᠤᠨ ᠢ ᠬᠠᠩᠭᠢᠨᠠᠭᠤᠯᠪᠠ; | ᠰᠦᠵᠧᠦ ᠶᠢᠨ ᠫᠢᠡᠭᠵᠢᠶᠠᠩ ᠵᠠᠮ᠂ ᠹᠦᠵᠧᠦ ᠶᠢᠨ ᠭᠤᠷᠪᠠᠨ ᠦᠢᠯᠡᠳᠬᠡᠯ ᠳᠣᠯᠣᠭᠠᠨ ᠭᠤᠳᠤᠮᠵᠢ᠂ ᠫᠢᠡᠭᠶᠤᠤ ᠡᠷᠲᠡᠨ ᠤ | ᠬᠤᠳᠠ ᠵᠡᠷᠭᠡ ᠲᠡᠦᠬᠡ ᠰᠣᠶᠣᠯ ᠤᠨ ᠵᠡᠭᠡᠯᠢ ᠲᠣᠭᠤᠷᠢᠭ ᠨᠢᠭᠡ ᠪᠦᠷᠢ ᠨᠢ ᠰᠣᠶᠣᠯ ᠵᠢᠭᠤᠯᠴᠢᠯᠠᠯ ᠤᠨ | ᠠᠭᠤᠰᠤᠯᠴᠠᠯ ᠤᠨ ᠬᠠᠯᠠᠮᠰᠢᠯ ᠪᠣᠯᠵᠤ ᠠᠮᠢᠳᠤᠯᠢᠬᠵᠢᠪᠠ; ︽ᠰᠣᠶᠣᠯ ᠤᠨ ᠦᠵᠡᠰᠭᠦᠯᠡᠩ ᠤᠨ ᠴᠤᠭᠯᠠᠭᠠᠨ ᠤ | ᠬᠠᠯᠠᠮᠰᠢᠯ︾᠂ ︽ᠰᠣᠶᠣᠯ ᠤᠨ ᠡᠭᠦᠳᠦᠯᠲᠡ ᠶᠢᠨ ᠬᠠᠯᠠᠮᠰᠢᠯ︾᠂ ︽ᠰᠢᠯᠦᠭ ᠳᠠᠭᠤᠯᠠᠯ ᠤᠨ ᠬᠠᠯᠠᠮᠰᠢᠯ︾ ᠠᠭᠠᠵᠢᠮ ᠢᠶᠠᠷ | ᠥᠷᠨᠢᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠨᠢ ︽Z ᠴᠠᠭ ᠦᠶ᠎ᠡ︾ ᠳᠤ ᠨᠡᠩ ᠤᠯᠠᠨ ᠪᠠᠭ᠋ᠠᠲᠠᠳ | ᠲᠠᠢ ᠪᠣᠯᠵᠠᠢ ᠁ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠨᠢ ᠭᠥᠯᠢᠶᠡᠨ ᠠᠪᠤᠭᠴᠢᠳ ᠤᠨ | ᠰᠢᠨ᠎ᠡ ᠭᠤᠸ᠎ᠠ ᠰᠠᠶᠢᠬᠠᠨ ᠤ ᠲᠠᠭᠠᠰᠢᠶᠠᠯ ᠳᠤ ᠲᠠᠰᠤᠷᠠᠯᠲᠠ ᠦᠭᠡᠢ ᠵᠣᠬᠢᠴᠠᠵᠤ᠂ ᠵᠣᠷᠢᠭᠲᠠᠢ ᠪᠠᠷ ᠰᠢᠨ᠎ᠡ ᠶᠢ ᠡᠭᠦᠳᠦᠨ | ᠪᠦᠲᠦᠭᠡᠵᠦ᠂ ᠲᠠᠰᠤᠷᠠᠯᠲᠠ ᠦᠭᠡᠢ ᠬᠠᠭᠤᠴᠢᠨ ᠢ ᠥᠭᠡᠷᠡᠴᠢᠯᠡᠨ ᠰᠢᠨ᠎ᠡ ᠶᠢ ᠡᠭᠦᠳᠴᠦ᠂ ᠠᠷᠠᠳ ᠲᠦᠮᠡᠨ ᠤ ᠤᠶᠤᠨ | ᠰᠠᠨᠠᠭ᠎ᠠ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠭᠠᠪᠠ᠃ | | | ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠰᠢᠨ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ | ᠰᠠᠨᠠᠭᠠᠴᠢᠯᠠᠭ᠎ᠠ ᠠᠴᠠ ᠪᠠᠨ ᠬᠦᠷᠢᠶᠡᠯᠡᠪᠡ᠃ ︽AI ᠨᠡᠪᠲᠡᠷᠡᠭᠦᠯᠦᠭᠴᠢ︾ ᠠᠵᠢᠯ ᠤᠨ ᠪᠠᠶᠢᠷᠢ ᠳᠠᠭᠠᠨ ᠭᠠᠷᠴᠤ᠂ VR | ᠰᠢᠭᠤᠳ ᠨᠡᠪᠲᠡᠷᠡᠭᠦᠯᠭᠡ ᠨᠢ ᠦᠵᠡᠵᠦ ᠰᠣᠨᠣᠰᠬᠤ ᠰᠢᠨ᠎ᠡ ᠣᠶᠢᠯᠠᠭᠠᠯᠲᠠ ᠶᠢ ᠠᠪᠴᠢᠷᠠᠵᠤ᠂ ᠭᠤᠣᠯ | ᠵᠠᠭᠤᠴᠢᠯᠠᠭᠤᠷ ᠤᠳ 5G᠂ ᠡᠭᠦᠰᠦᠮᠡᠯ ᠮᠠᠶ᠋ᠢᠭ ᠤᠨ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠮᠡᠷᠭᠡᠵᠢᠯ ᠢ | ᠢᠳᠡᠪᠬᠢᠲᠡᠢ ᠬᠦᠷᠢᠶᠡᠯᠡᠵᠦ᠂ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠨᠢ ︽ᠲᠦᠷᠭᠡᠨ ᠤ ᠵᠠᠮ︾ ᠳᠤ ᠤᠷᠤᠵᠠᠢ; | ᠰᠧᠴᠤᠸᠠᠨ ᠤ ᠰᠠᠨ ᠰᠢᠩ ᠳ᠋ᠦᠢ ᠮᠦᠽᠧᠢ ᠶᠢᠨ ᠰᠢᠨ᠎ᠡ ᠣᠷᠳᠣᠨ ᠳᠤ᠂ AI ᠪᠣᠳᠣᠯᠲᠠ ᠶᠢᠨ ᠠᠷᠭ᠎ᠠ ᠨᠢ ᠲᠡᠦᠬᠡ ᠶᠢᠨ | ᠳᠤᠷᠠᠰᠬᠠᠯᠲᠤ ᠵᠦᠢᠯᠡᠰ ᠢ ᠰᠡᠷᠭᠦᠭᠡᠬᠦ᠂ 3 D ᠮᠡᠷᠭᠡᠵᠢᠯ ᠢᠶᠠᠷ ᠬᠠᠭᠤᠴᠢ ᠰᠤᠳᠤᠯᠤᠯ ᠤᠨ ᠮᠠᠯᠲᠠᠬᠤ ᠠᠵᠢᠯᠯᠠᠭ᠎ᠠ ᠶᠢᠨ | ᠲᠤᠬᠠᠢ ᠶᠢᠨ ᠲᠠᠯᠠᠪᠠᠢ ᠶᠢ ᠰᠡᠷᠭᠦᠭᠡᠵᠦ᠂ ᠲᠣᠭᠤᠷᠢᠨ ᠦᠵᠡᠬᠦ ᠣᠶᠢᠯᠠᠭᠠᠯᠲᠠ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ; | ᠴᠢᠶᠠᠨ ᠲᠠᠩ ᠵᠢᠶᠠᠩ ᠮᠥᠷᠡᠨ ᠤ ᠬᠥᠪᠡᠭᠡᠨ ᠳᠤ᠂ ︽ᠲᠣᠭᠠᠴᠢᠯᠠᠭᠰᠠᠨ ᠭᠠᠯ ᠪᠠᠮᠪᠠᠷᠴᠢᠨ︾ ᠨᠢ ᠠᠽᠢᠶ᠎ᠠ ᠲᠢᠪ ᠤᠨ | ᠪᠡᠶ᠎ᠡ ᠶᠢᠨ ᠲᠠᠮᠢᠷ ᠤᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠪᠠ ᠢᠷᠠᠭᠤ ᠠᠯᠳᠠᠷ ᠢ ᠲᠡᠮᠳᠡᠭᠯᠡᠪᠡ ᠁ ᠮᠡᠳᠡᠭᠡ | ᠵᠠᠩᠭᠢᠵᠢᠯᠲᠠ ᠶᠢᠨ ᠬᠥᠭᠵᠢᠯᠲᠡ ᠶᠢᠨ ᠶᠡᠭᠡ ᠬᠠᠨᠳᠤᠰᠢ ᠶᠢ ᠬᠤᠷᠴᠠ ᠰᠡᠷᠭᠡᠭ ᠢᠶᠠᠷ ᠡᠵᠡᠮᠳᠡᠵᠦ᠂ ᠮᠡᠷᠭᠡᠵᠢᠯ ᠤᠨ | ᠬᠤᠪᠢᠰᠤᠯᠲᠠ ᠶᠢᠨ ᠡᠮᠦᠨ᠎ᠡ ᠡᠩᠨᠡᠭᠡᠨ ᠳᠤ ᠵᠣᠭᠰᠣᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠷᠡᠯ | ᠭᠢᠯᠪᠠᠭ᠎ᠠ ᠨᠢ ᠰᠣᠶᠣᠯ ᠢᠷᠭᠡᠨᠰᠢᠯ ᠤᠨ ᠭᠤᠸ᠎ᠠ ᠰᠠᠶᠢᠬᠠᠨ ᠲᠠᠢ ᠰᠣᠯᠪᠢᠴᠠᠨ ᠭᠡᠷᠡᠯᠳᠦᠵᠦ᠂ ᠰᠣᠶᠣᠯ ᠤᠨ ᠰᠢᠨ᠎ᠡ ᠬᠡᠪ | ᠰᠤᠷᠲᠠᠯ ᠢ ᠬᠥᠲᠥᠯᠥᠨ ᠳᠠᠭᠠᠭᠤᠯᠪᠠ᠃ | | | ᠰᠢᠨ᠎ᠡ ᠭᠠᠷᠤᠭ᠎ᠠ ᠳᠡᠭᠡᠷ᠎ᠡ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠨᠢ ᠰᠢᠨ᠎ᠡ ᠣᠷᠣᠨ | ᠪᠠᠶᠢᠷᠢ᠂ ᠰᠢᠨ᠎ᠡ ᠪᠠᠶᠢᠷᠢᠰᠢᠯ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠬᠤᠪᠢᠷᠠᠯᠲᠠ ᠶᠢ ᠲᠠᠨᠢᠵᠤ ᠬᠤᠪᠢᠷᠠᠯᠲᠠ ᠶᠢ | ᠠᠷᠭᠠᠴᠠᠭᠠᠵᠤ ᠬᠤᠪᠢᠷᠠᠯᠲᠠ ᠶᠢ ᠡᠷᠢᠯᠬᠢᠯᠡᠵᠦ᠂ ᠲᠡᠦᠬᠡ ᠶᠢᠨ ᠠᠵᠠ ᠲᠣᠭᠢᠶᠠᠯ ᠢ ᠠᠮᠵᠢᠵᠤ᠂ ᠥᠷᠢᠰᠦᠯᠳᠦᠭᠡᠨ ᠢ | ᠢᠳᠡᠪᠬᠢᠲᠡᠢ ᠠᠷᠭᠠᠴᠠᠭᠠᠵᠤ᠂ ᠤᠬᠠᠮᠰᠠᠷ ᠠᠴᠠ ᠪᠠᠨ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠠᠵᠢᠯ | ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠲᠠᠰᠤᠷᠠᠯᠳᠠ ᠦᠭᠡᠢ ᠪᠢᠴᠢᠭᠯᠡᠨ᠎ᠡ᠃ | | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 31 ᠤ ᠴᠠᠭᠢᠯᠭᠠᠨ ᠮᠡᠳᠡᠭᠡ︶ |