ᠠᠨᠠᠷ ᠤᠨ ᠦᠷ᠎ᠡ ᠰᠢᠭ ᠪᠦᠯᠬᠦᠮᠳᠡᠨ ᠨᠢᠭᠲᠠᠷᠠᠨ᠎ᠠ
ᠨᠡᠶᠢᠲᠡᠯᠡᠭᠰᠡᠨ ᠴᠠᠭ᠄
2024/2/2
     2024 ᠣᠨ ᠤ ᠥᠪᠡᠷᠲᠡᠭᠡᠨ ᠵᠠᠰᠠᠬᠤ ᠣᠷᠣᠨ ᠤ ᠬᠤᠶᠠᠷ ᠬᠤᠷᠠᠯ ᠤᠨ ᠬᠤᠭᠤᠴᠠᠭᠠᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠢ ᠲᠥᠯᠥᠭᠡᠯᠡᠭᠴᠢᠳ ᠭᠡᠰᠢᠭᠦᠳ ᠤᠨ ᠠᠩᠬᠠᠷᠤᠯ ᠤᠨ ᠲᠥᠪ ᠪᠣᠯᠪᠠ᠃
     ᠥᠪᠥᠷ ᠮᠣᠩᠭᠤᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠬᠡᠷᠬᠢᠨ ᠰᠠᠶᠢᠲᠤᠷ ᠶᠠᠷᠢᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠪᠤᠢ︖ ᠬᠠᠮᠲᠤ ᠪᠠᠷ ᠲᠥᠯᠥᠭᠡᠯᠡᠭᠴᠢᠳ ᠭᠡᠰᠢᠭᠦᠳ ᠤᠨ ᠶᠠᠷᠢᠬᠤ ᠶᠢ ᠰᠣᠨᠣᠰᠤᠶ᠎ᠠ︕      ︽ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠠᠵᠢᠯ ᠢ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠂ ᠦᠨᠳᠦᠰᠦᠨ ᠱᠠᠲᠤᠨ ᠤ ᠨᠠᠮ ᠤᠨ ᠬᠤᠷᠢᠶ᠎ᠠ ᠪᠣᠯᠤᠭᠰᠠᠨ ᠬᠤᠪᠢ ᠳᠤ᠂ ᠪᠢᠳᠡ ᠯᠠᠪᠲᠠᠢ ᠶᠡᠷᠦᠩᠬᠡᠢ ᠱᠦᠵᠢ ᠶᠢᠨ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠰᠠᠶᠢᠲᠤᠷ  ᠲᠤᠭᠤᠰᠢᠯᠠᠭᠤᠯᠵᠤ᠂ ᠭᠠᠵᠠᠷ ᠣᠷᠣᠨ ᠤ ᠬᠥᠭᠵᠢᠯᠲᠡ ᠶᠢᠨ ᠰᠡᠳᠬᠢᠴᠡ ᠳᠤ ᠲᠣᠬᠢᠷᠠᠭᠤᠯᠤᠯᠲᠠ ᠬᠢᠵᠦ᠂ ︿ᠵᠥᠭᠡᠯᠡᠨ ᠪᠣᠷᠤᠭ᠎ᠠ ᠲᠦᠮᠡᠨ ᠪᠣᠳᠠᠰ ᠢ ᠤᠮᠳᠠᠯᠠᠬᠤ﹀ ᠠᠵᠢᠯ ᠢ ᠢᠯᠡᠭᠦᠬᠡᠨ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠶᠠᠪᠤᠳᠠᠯ ᠢ ᠡᠳᠦᠷ ᠲᠤᠳᠤᠮ ᠤᠨ ᠠᠮᠢᠳᠤᠷᠠᠯ ᠳᠠᠭᠠᠨ ᠠᠭᠤᠰᠤᠯᠴᠠᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠨ ᠸᠧᠨ ᠯᠦᠩ ᠲᠠᠨᠢᠯᠴᠠᠭᠤᠯᠤᠨ᠎ᠠ᠃      ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠬᠤ ᠪᠣᠯ ᠥᠪᠥᠷ ᠮᠣᠩᠭᠤᠯ ᠤᠨ ᠢᠷᠠᠭᠤ ᠠᠯᠳᠠᠷᠲᠤ ᠤᠯᠠᠮᠵᠢᠯᠠᠯ ᠮᠥᠨ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ   ᠢᠶᠠᠨ ᠦᠷᠭᠦᠯᠵᠢᠯᠡᠨ ᠪᠠᠲᠤᠯᠠᠬᠤ ᠳᠤ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ︽ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠤᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠭᠰᠠᠭᠠᠷ ᠢᠷᠡᠪᠡ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠼᠤᠤ ᠬᠤᠩ ᠲᠠᠨᠢᠯᠴᠠᠭᠤᠯᠤᠨ᠎ᠠ᠃ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤ ᠪᠠᠷ ᠤᠷᠤᠭᠰᠢᠯᠠᠭᠰᠠᠨ ᠬᠠᠮᠵᠢᠯᠴᠠᠨ ᠬᠥᠮᠥᠨ ᠬᠥᠮᠥᠵᠢᠭᠦᠯᠬᠦ ᠪᠠᠶᠢᠷᠢᠰᠢᠯ ᠢ ᠪᠦᠷᠢᠯᠳᠦᠭᠦᠯᠵᠦ᠂ ᠰᠤᠷᠭᠠᠭᠤᠯᠢ ᠶᠢᠨ ᠪᠠᠭ᠎ᠠ ᠬᠢᠴᠢᠶᠡᠯ ᠤᠨ ᠲᠠᠩᠬᠢᠮ ᠢ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠲᠠᠢ ᠤᠶᠠᠯᠳᠤᠭᠤᠯᠵᠤ᠂ ᠪᠡᠶ᠎ᠡ ᠪᠠᠷ ᠢᠶᠠᠨ ᠣᠶᠢᠯᠠᠭᠠᠬᠤ᠂ ᠬᠠᠷᠢᠯᠴᠠᠨ ᠦᠢᠯᠡᠳᠦᠯᠴᠡᠬᠦ ᠵᠡᠷᠭᠡ ᠣᠨᠴᠠᠯᠢᠭ ᠲᠠᠢ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠵᠤ᠂ ᠰᠤᠷᠤᠬᠴᠢᠳ ᠢ ᠬᠠᠪᠰᠤᠷᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠯᠲᠠ ᠶᠢ ᠨᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠯᠢ ᠤᠯᠠᠨ ᠴᠢᠷᠮᠠᠶᠢᠯᠭ᠎ᠠ ᠪᠠᠷ ᠳᠠᠮᠵᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾ ᠪᠠ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠰᠤᠷᠤᠬᠴᠢᠳ ᠤᠨ ᠰᠡᠳᠬᠢᠯ ᠤᠨ ᠭᠦᠨ ᠳᠤ ᠦᠨᠳᠦᠰᠦᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠥᠨᠢᠳᠡ ᠴᠡᠴᠡᠭᠯᠡᠭᠦᠯᠦᠨ ᠳᠡᠯᠭᠡᠷᠡᠭᠦᠯᠦᠨ᠎ᠡ᠃      ︽ᠰᠣᠶᠣᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠤᠯᠠᠨ ᠪᠦᠲᠦᠭᠡᠯ ᠵᠣᠬᠢᠶᠠᠨ ᠳᠠᠭᠤᠯᠠᠭᠰᠠᠨ᠂ ᠵᠢᠱᠢᠶᠡᠯᠡᠪᠡᠯ ︿ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ﹀᠂ ︿ᠲᠤᠮᠳᠠᠳᠤ ᠶᠢᠨ ᠦᠨᠳᠦᠰᠦᠲᠡᠨ ᠢᠶᠠᠨ ᠮᠠᠭᠲᠠᠨ ᠳᠠᠭᠤᠯᠠᠶ᠎ᠠ︾ ᠭᠡᠬᠦ ᠮᠡᠲᠦ᠂ ᠡᠳᠡᠭᠡᠷ ᠢᠷᠠᠭᠤ ᠰᠠᠶᠢᠬᠠᠨ ᠳᠠᠭᠤᠤ ᠬᠥᠭᠵᠢᠮ ᠢᠶᠠᠷ ᠳᠠᠮᠵᠢᠭᠤᠯᠤᠨ᠂ ᠨᠠᠩ ᠣᠯᠠᠨ ᠬᠥᠮᠥᠰ ᠲᠤ ᠡᠬᠡ ᠤᠯᠤᠰ ᠢᠶᠠᠨ ᠬᠠᠶᠢᠷᠠᠯᠠᠬᠤ ᠳᠤᠮᠳᠠᠳᠤ ᠶᠢᠨ ᠰᠡᠳᠬᠢᠯᠭᠡ ᠦᠨᠳᠦᠰᠦᠲᠡᠨ ᠤ ᠰᠡᠳᠬᠢᠯᠭᠡ ᠶᠢ ᠡᠳ᠋ᠯᠡᠭᠦᠯᠭᠦ ᠶᠢ ᠬᠦᠰᠡᠵᠦ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤᠯᠠᠭᠠᠨᠲᠤᠶᠠᠭ᠎ᠠ ᠶᠠᠷᠢᠨ᠎ᠠ᠃ ᠲᠡᠷᠡ ᠪᠠᠰᠠ ᠬᠢᠩᠭᠠᠨ ᠠᠶᠢᠮᠠᠭ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠷᠠᠨ ᠵᠢᠷᠤᠭ ᠤᠨ ᠦᠵᠡᠰᠭᠦᠯᠡᠩ ᠤᠨ ᠣᠷᠳᠣᠨ ᠪᠠᠶᠢᠭᠤᠯᠬᠤ ᠪᠠᠷ ᠰᠠᠨᠠᠭᠤᠯᠭ᠎ᠠ ᠳᠤᠷᠠᠳᠴᠤ᠂ ᠤᠷᠠᠯᠢᠭ ᠤᠨ ᠭᠡᠯᠪᠡᠷᠢ᠂ ᠤᠷᠠᠨ ᠵᠢᠷᠤᠭ ᠤᠨ ᠭᠡᠯᠪᠡᠷᠢ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ᠎ᠠ ᠭᠡᠵᠡᠢ᠃      ︵ᠲᠤᠰ ᠰᠣᠨᠢᠨ ᠤ ᠰᠤᠷᠪᠤᠯᠵᠢᠯᠠᠬᠴᠢ᠄ ᠳ᠋ᠠᠢ ᠬᠤᠩ   ᠵᠤᠤ ᠵᠢᠩ   ᠸᠠᠩ ᠵᠢᠩ ᠴᠤᠤ  ᠴᠢᠮᠪᠠᠢ  ᠬᠤᠸᠠᠩ ᠶᠠᠨ ᠹᠧᠢ    ᠸᠠᠩ ᡁᠢ ᠬᠤᠸᠠ  ᠮᠡᠷᠭᠡᠨᠪᠢᠯᠢᠭ    ᠬᠠᠨ ᠰᠢᠶᠣᠣ ᠢᠦᠢ︶ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠶᠠᠪᠤᠳᠠᠯ ᠢ ᠡᠳᠦᠷ ᠲᠤᠳᠤᠮ ᠤᠨ ᠠᠮᠢᠳᠤᠷᠠᠯ ᠳᠠᠭᠠᠨ ᠠᠭᠤᠰᠤᠯᠴᠠᠭᠤᠯᠤᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠨ ᠸᠧᠨ ᠯᠦᠩ ᠲᠠᠨᠢᠯᠴᠠᠭᠤᠯᠤᠨ᠎ᠠ᠃ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠬᠤ ᠪᠣᠯ ᠥᠪᠥᠷ ᠮᠣᠩᠭᠤᠯ ᠤᠨ ᠢᠷᠠᠭᠤ ᠠᠯᠳᠠᠷᠲᠤ ᠤᠯᠠᠮᠵᠢᠯᠠᠯ ᠮᠥᠨ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠰᠢᠨ᠎ᠡ ᠴᠠᠭ ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ   ᠢᠶᠠᠨ ᠦᠷᠭᠦᠯᠵᠢᠯᠡᠨ ᠪᠠᠲᠤᠯᠠᠬᠤ ᠳᠤ ᠬᠥᠮᠥᠨ ᠪᠦᠭᠦᠨ ᠬᠠᠷᠢᠭᠤᠴᠠᠯᠭ᠎ᠠ ᠲᠠᠢ᠂ ᠬᠥᠮᠥᠨ ᠪᠦᠭᠦᠨ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃︽ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠥᠨ ᠢ ᠬᠥᠮᠥᠵᠢᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠶᠣᠰᠣ ᠰᠤᠷᠲᠠᠬᠤᠨ ᠢ ᠪᠤᠢ ᠪᠤᠯᠭᠠᠵᠤ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠬᠤ ᠳᠤᠮᠳᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠬᠠᠶᠢᠷᠠᠯᠠᠨ ᠬᠠᠮᠠᠭᠠᠯᠠᠭᠰᠠᠭᠠᠷ ᠢᠷᠡᠪᠡ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠼᠤᠤ ᠬᠤᠩ ᠲᠠᠨᠢᠯᠴᠠᠭᠤᠯᠤᠨ᠎ᠠ᠃ ᠭᠦᠭᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠬᠠᠮᠲᠤ ᠪᠠᠷ ᠤᠷᠤᠭᠰᠢᠯᠠᠭᠰᠠᠨ ᠬᠠᠮᠵᠢᠯᠴᠠᠨ ᠬᠥᠮᠥᠨ ᠬᠥᠮᠥᠵᠢᠭᠦᠯᠬᠦ ᠪᠠᠶᠢᠷᠢᠰᠢᠯ ᠢ ᠪᠦᠷᠢᠯᠳᠦᠭᠦᠯᠵᠦ᠂ ᠰᠤᠷᠭᠠᠭᠤᠯᠢ ᠶᠢᠨ ᠪᠠᠭ᠎ᠠ ᠬᠢᠴᠢᠶᠡᠯ ᠤᠨ ᠲᠠᠩᠬᠢᠮ ᠢ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠲᠠᠢ ᠤᠶᠠᠯᠳᠤᠭᠤᠯᠵᠤ᠂ ᠪᠡᠶ᠎ᠡ ᠪᠠᠷ ᠢᠶᠠᠨ ᠣᠶᠢᠯᠠᠭᠠᠬᠤ᠂ ᠬᠠᠷᠢᠯᠴᠠᠨ ᠦᠢᠯᠡᠳᠦᠯᠴᠡᠬᠦ ᠵᠡᠷᠭᠡ ᠣᠨᠴᠠᠯᠢᠭ ᠲᠠᠢ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠵᠤ᠂ ᠰᠤᠷᠤᠬᠴᠢᠳ ᠢ ᠬᠠᠪᠰᠤᠷᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠢ ᠣᠶᠢᠯᠠᠭᠠᠯᠲᠠ ᠶᠢ ᠨᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠠᠯᠢ ᠤᠯᠠᠨ ᠴᠢᠷᠮᠠᠶᠢᠯᠭ᠎ᠠ ᠪᠠᠷ ᠳᠠᠮᠵᠢᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡ ᠶᠢ ᠬᠠᠮᠲᠤᠳᠬᠠᠬᠤ︾ ᠪᠠ ︽ᠲᠠᠪᠤᠨ ᠬᠠᠮᠲᠤ ᠶᠢᠨ ᠲᠠᠨᠢᠯᠲᠠ︾ ᠶᠢᠨ ᠦᠵᠡᠯ ᠰᠠᠨᠠᠭ᠎ᠠ ᠶᠢ ᠰᠤᠷᠤᠬᠴᠢᠳ ᠤᠨ ᠰᠡᠳᠬᠢᠯ ᠤᠨ ᠭᠦᠨ ᠳᠤ ᠦᠨᠳᠦᠰᠦᠯᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠰᠤᠷᠭᠠᠭᠤᠯᠢ ᠶᠢᠨ ᠬᠦᠷᠢᠶᠡᠨ ᠳᠤ ᠥᠨᠢᠳᠡ ᠴᠡᠴᠡᠭᠯᠡᠭᠦᠯᠦᠨ ᠳᠡᠯᠭᠡᠷᠡᠭᠦᠯᠦᠨ᠎ᠡ᠃︽ᠰᠣᠶᠣᠯ ᠤᠨ ᠠᠵᠢᠯᠲᠠᠨ ᠪᠣᠯᠤᠭᠰᠠᠨ ᠤ ᠬᠤᠪᠢ ᠳᠤ᠂ ᠪᠢ ᠤᠯᠠᠨ ᠪᠦᠲᠦᠭᠡᠯ ᠵᠣᠬᠢᠶᠠᠨ ᠳᠠᠭᠤᠯᠠᠭᠰᠠᠨ᠂ ᠵᠢᠱᠢᠶᠡᠯᠡᠪᠡᠯ ︿ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ﹀᠂ ︿ᠲᠤᠮᠳᠠᠳᠤ ᠶᠢᠨ ᠦᠨᠳᠦᠰᠦᠲᠡᠨ ᠢᠶᠠᠨ ᠮᠠᠭᠲᠠᠨ ᠳᠠᠭᠤᠯᠠᠶ᠎ᠠ︾ ᠭᠡᠬᠦ ᠮᠡᠲᠦ᠂ ᠡᠳᠡᠭᠡᠷ ᠢᠷᠠᠭᠤ ᠰᠠᠶᠢᠬᠠᠨ ᠳᠠᠭᠤᠤ ᠬᠥᠭᠵᠢᠮ ᠢᠶᠠᠷ ᠳᠠᠮᠵᠢᠭᠤᠯᠤᠨ᠂ ᠨᠠᠩ ᠣᠯᠠᠨ ᠬᠥᠮᠥᠰ ᠲᠤ ᠡᠬᠡ ᠤᠯᠤᠰ ᠢᠶᠠᠨ ᠬᠠᠶᠢᠷᠠᠯᠠᠬᠤ ᠳᠤᠮᠳᠠᠳᠤ ᠶᠢᠨ ᠰᠡᠳᠬᠢᠯᠭᠡ ᠦᠨᠳᠦᠰᠦᠲᠡᠨ ᠤ ᠰᠡᠳᠬᠢᠯᠭᠡ ᠶᠢ ᠡᠳ᠋ᠯᠡᠭᠦᠯᠭᠦ ᠶᠢ ᠬᠦᠰᠡᠵᠦ ᠪᠠᠶᠢᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤᠯᠠᠭᠠᠨᠲᠤᠶᠠᠭ᠎ᠠ ᠶᠠᠷᠢᠨ᠎ᠠ᠃ ᠲᠡᠷᠡ ᠪᠠᠰᠠ ᠬᠢᠩᠭᠠᠨ ᠠᠶᠢᠮᠠᠭ ᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠷᠠᠨ ᠵᠢᠷᠤᠭ ᠤᠨ ᠦᠵᠡᠰᠭᠦᠯᠡᠩ ᠤᠨ ᠣᠷᠳᠣᠨ ᠪᠠᠶᠢᠭᠤᠯᠬᠤ ᠪᠠᠷ ᠰᠠᠨᠠᠭᠤᠯᠭ᠎ᠠ ᠳᠤᠷᠠᠳᠴᠤ᠂ ᠤᠷᠠᠯᠢᠭ ᠤᠨ ᠭᠡᠯᠪᠡᠷᠢ᠂ ᠤᠷᠠᠨ ᠵᠢᠷᠤᠭ ᠤᠨ ᠭᠡᠯᠪᠡᠷᠢ ᠪᠠᠷ ᠳᠠᠮᠵᠢᠭᠤᠯᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠪᠦᠭᠦ ᠲᠠᠯ᠎ᠠ ᠪᠠᠷ ᠳᠡᠯᠭᠡᠨ ᠦᠵᠡᠭᠦᠯᠵᠦ᠂ ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ᠎ᠠ ᠭᠡᠵᠡᠢ᠃︵ᠲᠤᠰ ᠰᠣᠨᠢᠨ ᠤ ᠰᠤᠷᠪᠤᠯᠵᠢᠯᠠᠬᠴᠢ᠄ ᠳ᠋ᠠᠢ ᠬᠤᠩ   ᠵᠤᠤ ᠵᠢᠩ   ᠸᠠᠩ ᠵᠢᠩ ᠴᠤᠤ  ᠴᠢᠮᠪᠠᠢ  ᠬᠤᠸᠠᠩ ᠶᠠᠨ ᠹᠧᠢ    ᠸᠠᠩ ᡁᠢ ᠬᠤᠸᠠ  ᠮᠡᠷᠭᠡᠨᠪᠢᠯᠢᠭ    ᠬᠠᠨ ᠰᠢᠶᠣᠣ ᠢᠦᠢ︶
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号