ᠰᠠᠶᠢᠬᠠᠨ ᠲᠣᠭᠤᠷᠢᠭ ᠲᠤ ᠄  ᠤᠮᠠᠷᠠᠲᠤ ᠶᠢᠨ ᠰᠣᠶᠣᠯ ᠪᠠ ᠨᠤᠲᠤᠭ ᠤᠨ ᠵᠠᠩ ᠦᠶᠯᠡ ᠲᠠᠢ  ᠤᠶᠤᠯᠳᠤᠭᠤᠯᠤᠭᠰᠠᠨ᠂ᠪᠠᠶᠠᠷ ᠪᠠᠶᠠᠰᠬᠤᠯᠠᠩᠲᠤ ᠮᠥᠰᠥ ᠴᠠᠰᠤᠨ ᠤ  ᠴᠡᠩᠭᠡᠯ ᠢ ᠡᠳ᠋ᠯᠡᠶ᠎ᠡ︕
ᠨᠡᠶᠢᠲᠡᠯᠡᠭᠰᠡᠨ ᠴᠠᠭ᠄
2024/2/2
     2024 ᠣᠨ ᠤ ᠭᠤᠷᠪᠠᠳᠤᠭᠠᠷ ᠬᠤᠭᠤᠴᠠᠭᠠᠨ ᠤ ᠬᠥᠬᠡᠬᠤᠲᠠ ᠶᠢᠨ ᠪᠠᠶᠠᠷᠲᠤ ᠮᠥᠰᠥ ᠴᠠᠰᠤᠨ ᠤ ᠨᠠᠶᠢᠷ ᠤᠳᠤ ᠵᠡᠬᠡᠭ ᠲᠦᠷᠭᠡᠨ ᠭᠤᠣᠯ ᠤᠨ ᠴᠡᠷᠢᠭ ᠤᠨ ᠵᠠᠪᠣᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠳᠤ ᠬᠦᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠃ ᠲᠣᠰ ᠬᠤᠭᠤᠴᠠᠭᠠᠨ ᠤ ᠮᠥᠰᠥ ᠴᠠᠰᠤᠨ ᠤ ᠨᠠᠶᠢᠷ ᠨᠢ ︽ᠭᠡᠷ ᠪᠦᠯᠢ ᠬᠤᠭᠤᠷᠣᠨᠳᠤ ᠪᠠᠨ ᠬᠤᠷᠰᠢᠯᠴᠠᠬᠤ᠂ ᠵᠠᠯᠠᠭᠤ ᠨᠠᠰᠤᠨ ᠤ ᠤᠷᠤᠰᠬᠠᠯ᠂ ᠴᠢᠨᠠᠷ ᠴᠢᠨᠰᠠᠭ᠎ᠠ ᠶᠢᠨ ᠵᠤᠭ᠎ᠠ ᠴᠡᠩᠭᠡᠯ︾ ᠭᠡᠬᠦ ᠭᠤᠷᠪᠠᠨ ᠶᠡᠭᠡ ᠭᠤᠣᠯᠳᠠᠯᠭ᠎ᠠ ᠶᠢᠨ ᠲᠣᠭᠤᠷᠢᠨ ᠳᠤ᠂ ᠤᠮᠠᠷᠠᠲᠤ ᠶᠢᠨ ᠰᠣᠶᠣᠯ ᠪᠠ ᠨᠤᠲᠤᠭ ᠤᠨ ᠵᠠᠩ ᠦᠶᠯᠡ ᠲᠠᠢ ᠤᠶᠠᠯᠳᠤᠭᠤᠯᠤᠨ᠂ ᠵᠢᠭᠤᠯᠴᠢᠯᠠᠭᠴᠢᠳ ᠲᠤ ᠮᠥᠰᠥ ᠴᠠᠰᠤᠨ ᠤ ᠤᠷᠠᠯᠢᠭ᠂ ᠮᠥᠰᠥ ᠴᠠᠰᠤᠨ ᠤ ᠰᠣᠶᠣᠯ ᠂ ᠮᠥᠰᠥ ᠴᠠᠰᠤᠨ ᠤ ᠲᠣᠭᠯᠠᠯᠲᠠ ᠶᠢᠨ ᠤᠷᠠᠯᠢᠭ᠂ ᠮᠥᠰᠥ ᠴᠠᠰᠤᠨ ᠤ ᠪᠠᠷᠢᠯᠭ᠎ᠠ᠂ ᠮᠥᠰᠥ ᠴᠠᠰᠤᠨ ᠤ ᠬᠥᠳᠡᠯᠭᠡᠭᠡᠨ ᠂ ᠮᠥᠰᠥ ᠴᠠᠰᠤᠨ ᠤ ᠪᠡᠶ᠎ᠡ ᠶᠢᠨ ᠲᠠᠮᠢᠷ ᠢ ᠨᠢᠭᠡ ᠴᠣᠭᠴᠠᠵᠢᠭᠤᠯᠤᠭᠰᠠᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠪᠠᠶᠢᠭᠤᠯᠵᠤ ᠥᠭᠭᠦᠭᠰᠡᠨ ᠪᠠᠶᠢᠨ᠎ᠠ᠃
          ᠬᠥᠮᠥᠰ ᠤᠨ ᠪᠠᠭ᠋ᠠᠷᠬᠠᠯ ᠢ ᠲᠠᠲᠠᠭᠰᠠᠨ ᠵᠤᠭᠠᠴᠠᠯ ᠤᠨ ᠲᠦᠷᠦᠯ ᠵᠦᠢᠯ ᠠᠴᠠ ᠭᠠᠳᠠᠨ᠎ᠠ᠂ 1 ᠰᠠᠷ᠎ᠠ ᠶᠢᠨ 26 ᠤ ᠦᠳᠡ ᠶᠢᠨ ᠬᠤᠶᠢᠨᠠᠬᠢ 4 ᠴᠠᠭ ᠲᠤ᠂ ᠬᠥᠬᠡᠬᠤᠲᠠ ᠶᠢᠨ ᠬᠤᠮᠠᠢ ᠶᠢᠨ ᠠᠯᠳᠠᠷᠲᠤ ᠲᠣᠭᠯᠠᠭᠴᠢ ᠠᠯᠳᠠᠨ ᠬᠤᠶᠠᠭ᠎ᠠ ᠵᠡᠷᠭᠡ ᠬᠥᠮᠥᠰ ᠬᠦᠷᠢᠶᠡᠯᠡᠩ ᠲᠣᠭᠤᠷᠢᠭ ᠲᠤ ᠵᠤᠭᠠᠴᠠᠭᠰᠠᠳ ᠲᠤ ᠭᠤᠶᠢᠳᠠ ᠰᠠᠶᠢᠬᠠᠨ ᠤᠷᠠᠨ ᠰᠠᠶᠢᠬᠠᠨ ᠲᠣᠭᠯᠠᠯᠲᠠ ᠠᠪᠴᠢᠷᠠᠵᠤ᠂ ᠨᠤᠲᠤᠭ ᠤᠨ ᠢᠶᠠᠨ ᠰᠣᠶᠣᠯ ᠢ ᠤᠯᠠᠮᠵᠢᠯᠠᠭᠰᠠᠨ ᠤ ᠬᠠᠮᠲᠤ᠂ ᠵᠤᠭᠠᠴᠠᠭᠰᠠᠳ  ᠳᠤ ᠭᠤᠶᠦ ᠰᠠᠶᠢᠬᠠᠨ ᠲᠣᠭᠯᠠᠯᠲᠠ ᠠᠪᠴᠢᠷᠠᠵᠠᠢ᠃
             ᠨᠠᠢᠮᠠᠨ ᠵᠣᠪᠬᠢᠰ ᠤᠨ ᠵᠤᠭᠠᠴᠠᠭᠰᠠᠳ ᠢ ᠤᠭᠲᠤᠬᠤ ᠶᠢᠨ ᠲᠥᠯᠥᠭᠡ᠂ ᠬᠦᠷᠢᠶᠡᠯᠡᠩ ᠲᠣᠭᠤᠷᠢᠭ ᠤᠨ ᠬᠢᠨ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠪᠣᠯᠣᠨ ᠤᠮᠠᠷᠠᠲᠤ ᠶᠢᠨ ᠰᠣᠶᠣᠯ ᠢ ᠮᠥᠰᠥ ᠴᠠᠰᠤᠨ ᠤ ᠠᠵᠢᠯᠯᠠᠭ᠎ᠠ ᠳᠤ ᠠᠭᠤᠰᠤᠯᠴᠠᠭᠤᠯᠵᠤ᠂ ᠬᠤᠳᠠ ᠶᠢᠨ ᠠᠷᠠᠳ ᠤᠨ ᠵᠤᠭᠠᠴᠠᠭᠰᠠᠳ ᠲᠤ ᠮᠥᠰᠥ ᠴᠠᠰᠤᠨ ᠤ ᠠᠵᠢᠯᠯᠠᠭ᠎ᠠ ᠶᠢ ᠪᠡᠶᠡᠴᠢᠯᠡᠨ ᠣᠶᠢᠯᠠᠭᠠᠭᠤᠯᠵᠤ᠂ ᠰᠣᠨᠢᠷᠬᠠᠭᠤᠯᠵᠤ᠂ ᠣᠷᠣᠯᠴᠠᠬᠤ ᠶᠢᠨ ᠬᠠᠮᠲᠤ ᠰᠠᠶᠢᠬᠠᠨ ᠲᠣᠭᠤᠷᠢᠭ ᠤᠨ ᠤᠯᠠᠮᠵᠢᠯᠠᠯᠲᠤ ᠰᠣᠶᠣᠯ ᠤᠨ ᠬᠤᠷᠠᠮᠳᠤᠯ ᠪᠣᠯᠣᠨ ᠰᠣᠶᠣᠯ ᠵᠤᠭᠠᠴᠠᠯ ᠤᠨ ᠠᠵᠢᠯᠯᠠᠭ᠎ᠠ ᠶᠢᠨ ᠬᠦᠷ ᠬᠥᠭᠵᠢᠶᠡᠨ ᠲᠠᠢ ᠠᠭᠤᠷ ᠠᠮᠢᠰᠬᠤᠯ ᠢ ᠭᠦᠢᠴᠡᠳ ᠣᠶᠢᠯᠠᠭᠠᠭᠤᠯᠵᠠᠢ᠃ 2 ᠰᠠᠷ᠎ᠠ ᠶᠢᠨ 2 ᠠᠴᠠ 2 ᠰᠠᠷ᠎ᠠ ᠶᠢᠨ 24 ᠤ ᠡᠳᠦᠷ ᠪᠣᠯᠲᠠᠯ᠎ᠠ᠂ ᠬᠦᠷᠢᠶᠡᠯᠡᠩ ᠲᠣᠭᠤᠷᠢᠭ ᠲᠤ ︿ᠰᠠᠨᠠᠭᠰᠠᠨ ᠢᠶᠠᠷ ᠢᠶᠠᠨ ᠪᠣᠯᠬᠤ﹀  ᠪᠠᠷ ᠭᠤᠣᠯ ᠰᠢᠵᠢᠮ ᠪᠣᠯᠭᠠᠭᠰᠠᠨ ᠣᠨᠴᠠᠯᠢᠭᠲᠤ ᠤᠯᠠᠮᠵᠢᠯᠠᠯᠲᠤ ᠰᠣᠶᠣᠯ ᠢ ᠣᠶᠢᠯᠠᠭᠠᠬᠤ ᠠᠵᠢᠯᠯᠠᠭ᠎ᠠ ᠥᠷᠨᠢᠭᠦᠯᠵᠦ᠂ ᠥᠯᠵᠡᠢ ᠪᠡᠯᠭᠡ ᠲᠠᠢ ᠠᠭᠤᠷ ᠠᠮᠢᠰᠬᠤᠯ ᠤᠨ ᠵᠢᠷᠤᠭ ᠲᠥᠯᠥᠪᠯᠡᠭᠡ ᠵᠢᠴᠢ ᠭᠤᠶᠢᠳᠠ ᠰᠠᠶᠢᠬᠠᠨ ᠬᠤᠷᠰᠢᠯ ᠤᠨ ᠲᠣᠭᠯᠠᠯᠲᠠ ᠪᠠᠷ ᠳᠠᠮᠵᠢᠭᠤᠯᠤᠨ᠂ ᠵᠤᠭᠠᠴᠠᠭᠰᠠᠳ ᠤᠨ ᠣᠷᠣᠯᠴᠠᠬᠤ ᠬᠡᠮᠵᠢᠶ᠎ᠡ ᠪᠣᠯᠣᠨ ᠪᠡᠶᠡᠴᠢᠯᠡᠨ ᠣᠶᠢᠯᠠᠭᠠᠬᠤ ᠲᠥᠷᠥᠭᠳᠡᠯ ᠢ ᠴᠢᠨᠠᠭᠰᠢᠳᠠ ᠳᠡᠭᠡᠭᠰᠢᠯᠡᠭᠦᠯᠵᠦ᠂ ᠵᠤᠭᠠᠴᠠᠭᠰᠠᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠦᠵᠡᠭᠦᠯᠵᠦ᠂ ᠶᠡᠷᠦ ᠪᠤᠰᠤ ᠶᠢᠨ ᠴᠠᠭᠠᠨ ᠰᠠᠷ᠎ᠠ ᠶᠢᠨ ᠠᠭᠤᠷ ᠠᠮᠢᠰᠬᠤᠯ ᠢ ᠣᠶᠢᠯᠠᠭᠠᠭᠤᠯᠵᠤ᠂ ᠮᠥᠰᠥ ᠴᠠᠰᠤᠨ ᠤ ᠰᠠᠶᠢᠨ ᠰᠠᠶᠢᠬᠠᠨ ᠵᠤᠭᠠᠴᠠᠯ ᠢ ᠴᠣᠭᠴᠠᠯᠠᠵᠤ᠂ ᠬᠥᠬᠡᠬᠤᠲᠠ ᠶᠢᠨ ᠮᠥᠰᠥ ᠴᠠᠰᠤᠨ ᠤ ᠭᠤᠶᠤ ᠰᠠᠶᠢᠬᠠᠨ᠂ ᠰᠣᠶᠣᠯ ᠤᠨ ᠭᠤᠶᠤ ᠰᠠᠶᠢᠬᠠᠨ᠂ ᠦᠨᠦᠷ ᠠᠮᠲᠠ ᠶᠢᠨ ᠭᠤᠶᠤ ᠰᠠᠶᠢᠬᠠᠨ ᠢ ᠤᠯᠠᠮ ᠴᠢᠨᠠᠭᠰᠢᠳᠠ ᠳᠡᠯᠭᠡᠨ ᠦᠵᠡᠭᠦᠯᠦᠨ᠎ᠡ︾ ᠭᠡᠵᠦ ᠬᠥᠬᠡᠬᠤᠲᠠ ᠶᠢᠨ ᠰᠣᠶᠣᠯ ᠵᠤᠭᠠᠴᠠᠯ ᠤᠨ ᠪᠡᠯᠡ ᠣᠷᠣᠭᠤᠯᠤᠯᠲᠠ ᠶᠢᠨ ᠪᠦᠯᠦᠭᠯᠡᠯ ᠤᠨ ᠤᠬᠠᠭᠤᠯᠭ᠎ᠠ ᠶᠢᠨ ᠬᠠᠮ ᠵᠠᠭᠤᠴᠢᠯᠠᠭᠤᠷ ᠤᠨ ᠲᠥᠪ ᠤᠨ ᠳᠠᠭᠠᠭᠠᠮᠠᠯ ᠵᠧᠦ ᠴᠢ ᠰᠤᠷᠪᠤᠯᠵᠢᠯᠠᠭᠴᠢ ᠳᠤ ᠲᠠᠨᠢᠯᠴᠠᠭᠤᠯᠪᠠ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ  ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号