ᠲᠠᠷᠢᠶᠠᠴᠢᠳ ᠲᠤ ᠬᠤᠣᠰ ᠠᠰᠢᠭ ᠬᠦᠷᠲᠡᠭᠡᠯ᠎ᠡ
ᠨᠡᠶᠢᠲᠡᠯᠡᠭᠰᠡᠨ ᠴᠠᠭ᠄
2024/2/2
     ᠣᠶᠢᠷ᠎ᠠ ᠳᠤ᠂ ᠪᠣᠷᠤᠪᠠᠯᠭᠠᠰᠤ ᠪᠠᠯᠭᠠᠰᠤᠨ ᠤ ᠵᠡᠭᠡᠷᠭᠡᠨᠡᠲᠦ ᠲᠣᠰᠬᠤᠨ ᠳᠤ ᠭᠠᠵᠠᠷ ᠰᠢᠷᠣᠢ ᠪᠠᠷ ᠬᠤᠪᠢ ᠣᠷᠣᠭᠤᠯᠤᠭᠰᠠᠨ ᠠᠰᠢᠭ ᠬᠤᠪᠢᠶᠠᠬᠤ ᠶᠡᠭᠡ ᠬᠤᠷᠠᠯ ᠬᠢᠵᠦ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠨ ᠳᠤ ᠣᠷᠣᠭᠤᠯᠤᠭᠠᠳ ᠣᠯᠣᠭᠰᠠᠨ 223210 ᠲᠥᠭᠦᠷᠢᠭ ᠤᠨ ᠠᠰᠢᠭ ᠤᠷᠤᠯᠭ᠎ᠠ ᠶᠢ 52 ᠲᠠᠷᠢᠶᠠᠯᠠᠬᠤ ᠡᠷᠦᠭᠡ ᠳᠤ ᠬᠤᠪᠢᠶᠠᠨ ᠥᠭᠴᠦ᠂ ᠡᠷᠦᠭᠡ ᠪᠦᠷᠢ  4292.5 ᠲᠥᠭᠦᠷᠢᠭ ᠬᠤᠪᠢᠶᠠᠨ ᠣᠯᠣᠭᠰᠠᠨ ᠪᠠᠶᠢᠨ᠎ᠠ᠃ ᠡᠨᠡ ᠨᠢ ᠲᠤᠰᠬᠤᠨ ᠤ ᠲᠠᠷᠢᠶᠠᠴᠢᠳ ᠲᠤ ︽ᠨᠢᠳᠦᠨ ᠳᠤ ᠦᠵᠡᠭᠳᠡᠵᠦ ᠭᠠᠷ ᠲᠤ ᠪᠠᠷᠢᠭᠳᠠᠮ᠎ᠠ︾ ᠪᠣᠳᠠᠲᠤ ᠠᠰᠢᠭ ᠲᠤᠰᠠ ᠶᠢ ᠠᠪᠴᠢᠷᠠᠵᠤ᠂ ᠪᠦᠭᠦ ᠲᠣᠰᠬᠤᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠨᠠᠩ ᠪᠠᠲᠤᠯᠠᠭ᠎ᠠ ᠲᠠᠢ ᠪᠤᠯᠭᠠᠬᠰᠠᠨ ᠪᠠᠶᠢᠨ᠎ᠠ᠃
     ︽ᠪᠢᠳᠡ ᠲᠣᠰᠬᠤᠨ ᠤ ᠭᠠᠵᠠᠷ ᠰᠢᠷᠣᠢ ᠪᠠᠨ ᠲᠠᠷᠢᠮᠠᠯ ᠤᠨ ᠲᠣᠮᠣ ᠡᠷᠦᠭᠡ ᠳᠤ ᠳᠠᠭᠠᠭᠠᠴᠢᠯᠠᠭᠤᠯᠵᠤ᠂ ᠵᠢᠯ ᠪᠦᠷᠢ ᠭᠠᠵᠠᠷ ᠰᠢᠷᠣᠢ ᠶᠢᠨ ᠲᠦᠷᠢᠶᠡᠰᠦᠨ ᠮᠥᠩᠭᠦ ᠬᠤᠪᠢᠶᠠᠷᠢᠯᠠᠬᠤ ᠪᠠᠷ ᠪᠠᠷᠠᠬᠤ ᠦᠭᠡᠢ ᠪᠠᠰᠠ ᠰᠤᠯᠠ ᠰᠡᠯᠡᠭᠦᠦ ᠴᠠᠭ ᠢᠶᠠᠷ ᠢᠶᠠᠨ ᠲᠣᠰᠬᠤᠨ ᠤ ᠲᠠᠷᠢᠮᠠᠯ ᠤᠨ ᠰᠠᠭᠤᠷᠢᠨ ᠳᠤ ᠠᠵᠢᠯ ᠬᠢᠵᠦ ᠤᠷᠤᠯᠭ᠎ᠠ ᠣᠯᠳᠠᠭ᠂ ᠪᠢᠳᠠᠨ ᠳᠤ ᠬᠤᠣᠰ ᠠᠰᠢᠭ ᠬᠦᠷᠲᠡᠭᠡᠭᠰᠡᠨ ᠪᠠᠶᠢᠨ᠎ᠠ᠂ ᠡᠨᠡ ᠨᠢ ᠴᠥᠮ ᠨᠠᠮ ᠤᠨ ᠲᠥᠷᠥ ᠶᠢᠨ ᠪᠣᠳᠣᠯᠭ᠎ᠠ ᠶᠢᠨ ᠠᠴᠢ ᠲᠤᠰᠠ ᠪᠠᠶᠢᠵᠤ᠂ ᠪᠢᠳᠡᠨ ᠢ ᠰᠠᠶᠢᠬᠠᠨ ᠠᠮᠢᠳᠤᠷᠠᠯ ᠲᠠᠢ ᠪᠣᠯᠭᠠᠯ᠎ᠠ︾ ᠭᠡᠵᠦ ᠵᠡᠭᠡᠷᠭᠡᠨᠡᠲᠦ ᠲᠣᠰᠬᠤᠨ ᠤ  ᠵᠢᠶᠠᠩ ᠱᠢ ᠵᠢᠶᠦ᠋ᠨ ᠪᠠᠶᠠᠷᠲᠠᠢ ᠬᠡᠯᠡᠵᠦ ᠪᠠᠶᠢᠯ᠎ᠠ᠃      ᠣᠶᠢᠷ᠎ᠠ ᠶᠢᠨ ᠵᠢᠯ ᠠᠴᠠ᠂ ᠪᠣᠷᠤᠪᠠᠯᠭᠠᠰᠤ  ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠠᠲᠠᠷᠰᠢᠭᠰᠠᠨ ᠭᠠᠵᠠᠷ ᠰᠢᠷᠣᠢ ᠶᠢ ᠳᠠᠰᠤᠷᠠᠯᠳᠠ ᠦᠭᠡᠢ ᠠᠰᠢᠭᠯᠠᠯᠲᠠ ᠳᠤ ᠤᠷᠤᠭᠤᠯᠬᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠤᠤᠯ ᠤᠨ ᠲᠠᠷᠢᠶᠠᠯᠠᠬᠤ ᠡᠷᠦᠭᠡ ᠶᠢᠨ ᠲᠠᠷᠠᠬᠠᠢ ᠪᠤᠲᠠᠷᠬᠠᠢ ᠪᠠᠶᠢᠭᠰᠠᠨ ᠭᠠᠵᠠᠷ ᠰᠢᠷᠣᠢ ᠶᠢ ᠡᠷᠴᠢᠮᠵᠢᠭᠦᠯᠦᠭᠰᠡᠨ᠂ ᠬᠡᠪᠴᠢᠶᠡᠵᠢᠭᠦᠯᠦᠨ ᠵᠠᠯᠭᠠᠯᠳᠤᠭᠰᠠᠨ ᠡᠵᠡᠩᠨᠡᠯᠲᠡ ᠪᠠᠷ ᠭᠠᠵᠠᠷ ᠰᠢᠷᠣᠢ ᠶᠢ ᠨᠥᠭᠡᠴᠡ ᠬᠦᠴᠦᠨ ᠲᠠᠢ ᠪᠣᠯᠭᠠᠨ ᠡᠷᠭᠢᠯᠲᠡ ᠲᠠᠢ ᠡᠵᠡᠩᠨᠡᠬᠦ ᠠᠷᠭ᠎ᠠ ᠪᠠᠷ ᠰᠢᠨ᠎ᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠬᠠᠩᠭᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠵᠡᠭᠡᠷᠭᠡᠨᠡᠲᠦ ᠲᠣᠰᠬᠤᠨ ᠡᠶᠢᠮᠦᠷᠬᠦᠦ ᠭᠡᠯᠪᠡᠷᠢ ᠪᠠᠷ ᠭᠠᠵᠠᠷ ᠰᠢᠷᠣᠢ ᠶᠢᠨ ᠡᠵᠡᠩᠨᠡᠯᠲᠡ  ᠶᠢᠨ ᠡᠷᠬᠡ ᠶᠢ ᠭᠦᠢᠯᠭᠡᠭᠡᠨ ᠳᠤ ᠣᠷᠣᠭᠤᠯᠤᠭᠠᠳ ᠨᠢᠭᠡᠨᠲᠡ 10 ᠵᠢᠯ ᠳᠠᠷᠠᠭᠠᠯᠠᠨ ᠠᠰᠢᠭ ᠣᠷᠣᠯᠭ᠎ᠠ ᠬᠤᠪᠢᠶᠠᠵᠤ ᠪᠠᠶᠢᠬᠤ ᠮᠥᠷᠲᠡᠭᠡᠨ‌‍ᠲ᠋ᠤᠰᠬᠤᠨ ᠤ ᠳᠣᠲᠣᠷᠠᠬᠢ︽ᠬᠡᠰᠡᠭ ᠪᠤᠰᠠᠭ᠂ ᠲᠠᠷᠠᠬᠠᠢ ᠪᠤᠲᠠᠷᠬᠠᠢ︾ ᠭᠠᠵᠠᠷ ᠰᠢᠷᠣᠢ ᠶᠢ ᠡᠮᠬᠢᠯᠡᠨ ᠨᠡᠶᠢᠯᠡᠭᠦᠯᠵᠦ᠂ ᠾᠦᠢ ᠹᠧᠩ ᠶᠤᠸᠠᠨ᠂ ᠰᠠᠨ ᠨᠢᠦ᠂ ᠨᠢᠩ ᠯᠦ ᠴᠢᠯᠠᠭᠤᠨ ᠲᠣᠰᠣᠨ ᠤ ᠬᠢᠮᠢ ᠵᠢᠨ‌ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠢ ᠤᠷᠢᠨ ᠣᠷᠣᠭᠤᠯᠵᠤ᠂ ︽ᠨᠠᠮ ᠤᠨ ᠡᠭᠦᠷ + ᠠᠵᠤ ᠠᠬᠤᠶᠢᠯᠠᠯ + ᠮᠠᠯᠵᠢᠬᠤ ᠲᠠᠷᠢᠶᠠᠯᠠᠬᠤ ᠡᠷᠦᠭᠡ︾ ᠶᠢᠨ ᠰᠢᠨ᠎ᠡ ᠬᠥᠭᠵᠢᠯᠲᠡ ᠶᠢᠨ ᠵᠠᠭᠪᠤᠷ ᠢ ᠡᠭᠦᠳᠦᠭᠰᠡᠨ ᠪᠠᠶᠢᠨ᠎ᠠ᠃ ᠤᠷᠢᠨ ᠣᠷᠣᠭᠤᠯᠤᠭᠰᠠᠨ ᠠᠵᠤ ᠠᠬᠤᠶᠢᠯᠠᠯ ᠠᠴᠠ ᠮᠠᠯᠴᠢᠨ‌‍ᠲ᠋ᠠᠷᠢᠶᠠᠴᠢᠨ ᠳᠤ ᠳᠠᠷᠢᠬᠤ᠂ ᠦᠢᠯᠡᠳᠪᠦᠷᠢᠯᠡᠬᠦ᠂ ᠨᠥᠭᠡᠴᠡᠯᠡᠬᠦ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ ᠪᠦᠭᠦ ᠠᠵᠤ ᠦᠢᠯᠡᠰ ᠤᠨ ᠬᠡᠯᠬᠢᠶᠡᠵᠢᠭᠰᠡᠨ‌ᠦᠢᠯᠡᠴᠢᠯᠡᠭᠡ ᠬᠠᠩᠭᠠᠵᠤ᠂ ᠥᠨᠳᠥᠷ ᠤᠨᠠᠯᠲᠠ‌‍ᠲ᠋ᠠᠢ ᠴᠢᠨᠠᠷ ᠰᠠᠶᠢᠲᠠᠢ ᠡᠷᠳᠡᠨᠢ ᠰᠢᠰᠢ᠂ ᠴᠠᠭᠠᠨ ᠯᠤᠤᠪᠠᠩ᠂ ᠯᠠᠵᠤᠤ᠂ ᠯᠠᠩᠭᠤᠸᠠ᠂ ᠰᠢᠷ᠎ᠠ ᠯᠤᠤᠪᠠᠩ᠂ ᠪᠢᠯᠢᠭᠲᠦ ᠭᠥᠷᠥᠭᠡᠰᠦᠨ ᠭᠤᠸᠠ ᠵᠡᠷᠭᠡ ᠣᠨᠴᠠᠯᠢᠭᠲᠤ ᠲᠠᠷᠢᠮᠠᠯ ᠲᠠᠷᠢᠭᠤᠯᠤᠨ᠂ ︽ᠠᠰᠢᠭ ᠣᠷᠣᠯᠭ᠎ᠠ ᠪᠠᠷ ᠰᠠᠭᠤᠷᠢ ᠶᠢ ᠪᠠᠲᠤᠯᠠᠬᠤ᠂ ᠦᠯᠡᠭᠦᠦ ᠣᠯᠵᠠ ᠪᠠᠷ ᠠᠰᠢᠭ ᠬᠤᠪᠢᠶᠠᠬᠤ᠂ ᠨᠡᠶᠢᠲᠡ‌‍ᠶᠢᠨ ᠠᠰᠠᠷᠠᠮᠵᠢ ᠳᠤ ᠦᠢᠯᠡᠴᠢᠯᠡᠬᠦ︾ ᠬᠤᠪᠢᠶᠠᠷᠢᠯᠠᠯᠲᠠ ᠶᠢᠨ ᠠᠷᠭ᠎ᠠ ᠭᠡᠯᠪᠡᠷᠢ ᠶᠢ ᠬᠡᠷᠡᠭᠵᠢᠭᠦᠯᠬᠦ ᠪᠠᠷ ᠳᠠᠮᠵᠢᠭᠤᠯᠵᠤ᠂ ︽ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠭᠦ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠬᠦ᠂ ᠤᠯᠠᠨ ᠲᠦᠮᠡᠨ ᠢ ᠪᠠᠶᠠᠵᠢᠭᠤᠯᠬᠤ︾ ᠰᠢᠨ᠎ᠡ ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃
     ᠬᠤᠶᠠᠷ   ᠬᠡᠮᠵᠢᠯᠲᠦ  ᠺᠣᠳ᠋ ᠢ  ᠰᠢᠷᠪᠢᠵᠦ  ᠨᠠᠷᠢᠨ ᠠᠭᠤᠯᠭ᠎ᠠ ᠶᠢ ᠨᠢ ᠦᠵᠡᠭᠡᠷᠡᠢ︕
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号