ᠰᠠᠶᠢᠬᠠᠨ ᠲᠣᠭᠤᠷᠢᠭ᠄  ᠴᠠᠭᠠᠨ ᠰᠠᠷ᠎ᠠ ᠦᠨᠳᠦᠰᠦᠨ ᠱᠠᠲᠤᠨ ᠳᠤ ᠭᠦᠨᠵᠡᠭᠡᠶᠢᠷᠡᠵᠦ ᠢᠳᠡᠰᠢᠨ ᠨᠣᠭᠤᠭ᠎ᠠ ᠶᠢᠨ ᠬᠦᠯᠡᠮᠵᠢ ᠳᠤ ᠬᠦᠷᠴᠦ ︽ᠵᠣᠯ ᠵᠢᠷᠭᠠᠯᠲᠤ ᠵᠢᠯ︾ ᠢ ᠡᠭᠦᠳᠪᠡ
ᠨᠡᠶᠢᠲᠡᠯᠡᠭᠰᠡᠨ ᠴᠠᠭ᠄
2024/2/21
     ᠴᠠᠭᠠᠨ ᠰᠠᠷ᠎ᠠ ᠶᠢᠨ ᠬᠤᠭᠤᠴᠠᠭᠠᠨ ᠳᠤ᠂ ᠭᠡᠷ ᠤᠨ ᠭᠠᠳᠠᠨᠠᠬᠢ ᠬᠦᠢᠲᠡᠨ ᠰᠠᠯᠬᠢ ᠰᠠᠯᠬᠢᠯᠠᠭᠰᠠᠨ ᠪᠣᠯᠪᠠᠴᠤ ᠰᠠᠶᠢᠬᠠᠨ ᠲᠣᠭᠤᠷᠢᠭ ᠤᠨ ᠢᠳᠡᠰᠢᠨ ᠨᠣᠭᠤᠭ᠎ᠠ ᠶᠢᠨ ᠬᠦᠯᠡᠮᠵᠢ ᠳᠤ᠂ ᠬᠠᠪᠤᠷ ᠰᠢᠭ ᠳᠤᠯᠠᠭᠠᠨ᠂ ᠶᠠᠭᠠᠷᠠᠯᠲᠠᠢ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠵᠦ᠂ ᠠᠵᠢᠯᠴᠢ ᠬᠥᠳᠡᠯᠮᠦᠷᠢᠴᠢ ᠲᠣᠰᠬᠤᠨ ᠤ ᠠᠷᠠᠳ ᠶᠠᠭᠠᠷᠠᠯᠲᠠᠢ ᠲᠠᠷᠢᠵᠤ᠂ ᠶᠠᠭᠠᠷᠠᠯᠲᠠᠢ ᠬᠤᠷᠢᠶᠠᠨ᠂ ᠡᠯᠪᠡᠭ ᠬᠤᠷᠢᠶᠠᠯᠲᠠ ᠶᠢᠨ ᠦᠯᠢᠭᠡᠷ ᠢ ᠴᠢᠷᠮᠠᠶᠢᠨ ᠪᠢᠴᠢᠭᠯᠡᠵᠦ ᠪᠠᠶᠢᠯ᠎ᠠ᠃
         ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠴᠢ ᠲᠠᠢ ᠲᠣᠰᠬᠤᠨ ᠤ ᠢᠳᠡᠰᠢᠨ ᠨᠣᠭᠤᠭ᠎ᠠ ᠶᠢᠨ ᠰᠠᠭᠤᠷᠢᠨ ᠭᠠᠵᠠᠷ ᠤᠨ ᠪᠣᠷᠣ ᠰᠦ ᠶᠧ ᠬᠦᠯᠡᠮᠵᠢ ᠳᠤ ᠣᠷᠣᠬᠤ ᠳᠤ᠂ ᠲᠣᠰᠬᠤᠨ ᠤ ᠠᠷᠠᠳ ᠨᠢᠭᠡ ᠬᠡᠰᠡᠭ ᠨᠣᠭᠤᠭᠠᠨ ᠪᠣᠷᠣ ᠰᠦ ᠨᠠᠪᠴᠢ ᠶᠢ ᠲᠡᠭᠦᠵᠦ᠂ ᠬᠠᠶᠢᠷᠴᠠᠭ ᠲᠤ ᠰᠠᠪᠠᠯᠠᠵᠤ᠂ ᠵᠥᠭᠡᠭᠡᠪᠦᠷᠢᠯᠡᠨ᠎ᠡ᠃ ᠬᠦᠯᠡᠮᠵᠢ ᠨᠣᠭᠤᠭᠠᠨ ᠥᠩᠭᠡ ᠲᠠᠢ ᠪᠣᠷᠣ ᠡᠳ᠋ ᠤᠨ ᠨᠠᠪᠴᠢ ᠶᠢ ᠬᠠᠷᠠᠭᠠᠳ ᠲᠠᠷᠢᠮᠠᠯ ᠤᠨ ᠡᠷᠦᠬᠡ ᠪᠦᠦ ᠸᠠᠨ ᠵᠦ᠄ ︽ᠮᠠᠨ ᠤ ᠪᠣᠷᠣ ᠰᠦ ᠶᠢᠨ ᠡᠨᠡ ᠵᠢᠯ ᠤᠨ ᠤᠷᠭᠤᠴᠠ ᠮᠠᠰᠢ ᠰᠠᠶᠢᠨ᠂ ᠡᠳᠦᠷ ᠪᠦᠷᠢ ᠵᠠᠬᠢᠶᠠᠯᠠᠭ᠎ᠠ ᠶᠢᠨ ᠬᠠᠭᠤᠳᠠᠰᠤ ᠲᠠᠢ ᠪᠠᠶᠢᠵᠤ᠂ ᠬᠠᠩᠭᠠᠯᠭ᠎ᠠ ᠨᠢ ᠬᠡᠷᠡᠭᠴᠡᠭᠡ ᠳᠡᠭᠡᠨ ᠬᠦᠷᠬᠦ ᠦᠭᠡᠢ ᠪᠠᠶᠢᠨ᠎ᠠ᠃ ᠢᠷᠡᠭᠡᠳᠦᠢ ᠳᠤ ᠲᠠᠷᠢᠮᠠᠯ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠤᠯᠠᠨ ᠢ ᠳᠠᠶᠢᠴᠢᠯᠠᠨ ᠬᠠᠮᠲᠤ ᠪᠠᠷ ᠪᠠᠶᠠᠵᠢᠯ ᠤᠨ ᠵᠠᠮ ᠢᠶᠠᠷ ᠵᠠᠮᠨᠠᠭᠤᠯᠬᠤ ᠪᠣᠯᠣᠨ᠎ᠠ᠃
    ᠡᠬᠢᠯᠡᠨ ᠪᠣᠷᠣ ᠰᠦ ᠶᠧ  ᠶᠢ ᠲᠠᠷᠢᠵᠤ ᠪᠠᠶᠢᠭᠰᠠᠨ ᠠᠴᠠ ᠬᠡᠪᠴᠢᠶᠡᠵᠢᠭᠦᠯᠦᠨ ᠡᠵᠡᠩᠨᠡᠬᠦ ᠪᠣᠯᠲᠠᠯ᠎ᠠ᠂ ᠲᠦᠮᠡᠨ ᠪᠠᠭᠠᠨ᠎ᠠ ᠨᠢ ᠨᠢᠭᠡᠨᠲᠡ ᠮᠠᠨᠠᠷ ᠠᠭᠠᠳ 9 ᠵᠢᠯ ᠱᠢᠬᠠᠮ ᠪᠣᠯᠵᠠᠢ᠂ ᠬᠠᠷᠢᠨ ᠪᠣᠷᠣ ᠰᠦ ᠨᠠᠪᠴᠢ ᠨᠢ ᠡᠨᠡ ᠵᠠᠮ ᠢ ᠲᠠᠷᠢᠵᠤ᠂ ᠲᠦᠮᠡᠨ ᠪᠠᠭᠠᠨ᠎ᠠ ᠨᠢ ᠲᠡᠭᠱᠢ ᠪᠤᠰᠤ ᠶᠠᠪᠤᠵᠤ ᠪᠠᠶᠢᠨ᠎ᠠ᠃ ᠣᠶᠢᠯᠠᠭᠠᠭᠰᠠᠨ ᠢᠶᠠᠷ᠂ 2015 ᠣᠨ ᠤ 3 ᠰᠠᠷ᠎ᠠ ᠳᠤ᠂ ᠪᠤᠤ ᠸᠠᠨ ᠵᠣ ᠰᠠᠶᠢᠬᠠᠨ ᠲᠣᠭᠤᠷᠢᠭ ᠲᠤ ᠬᠦᠷᠴᠦ ᠪᠣᠷᠣ ᠰᠦ ᠶᠧ ᠲᠠᠷᠢᠵᠤ ᠡᠬᠢᠯᠡᠪᠡ᠂ ᠮᠡᠷᠭᠡᠵᠢᠯ ᠨᠢ ᠪᠣᠯᠪᠠᠰᠤᠷᠠᠩᠭᠤᠢ ᠦᠭᠡᠢ ᠠᠴᠠ ᠪᠣᠯᠵᠤ᠂ ᠽᠢ ᠰᠦ ᠶᠧ ᠭᠠᠷᠤᠯᠲᠠ ᠨᠢ ᠲᠡᠶᠢᠮᠦ ᠰᠠᠶᠢᠨ ᠪᠢᠱᠢ᠃ ᠣᠯᠠᠨ ᠤᠳᠠᠭ᠎ᠠ ᠢᠯᠠᠭᠳᠠᠭᠰᠠᠨ ᠢᠶᠠᠷ ᠳᠠᠮᠵᠢᠨ᠂ ᠲᠡᠷᠡ ᠰᠠᠶᠢᠬᠠᠨ ᠲᠣᠭᠤᠷᠢᠭ ᠲᠤ ᠲᠠᠷᠢᠬᠤ᠂ ᠰᠢᠨ᠎ᠡ ᠰᠣᠷᠭᠤᠭ ᠢ ᠬᠠᠳᠠᠭᠠᠯᠠᠬᠤ ᠮᠡᠷᠭᠡᠵᠢᠯ ᠢ ᠠᠭᠠᠵᠢᠮ ᠢᠶᠠᠷ ᠳ᠋ᠦᠩᠨᠡᠪᠡ᠃ ︽ᠲᠠᠷᠢᠬᠤ ᠲᠠᠯ᠎ᠠ ᠪᠠᠷ᠂ ᠮᠠᠨ ᠤ ᠪᠣᠷᠳᠣᠭᠤᠷ ᠣᠷᠭᠠᠨᠢᠭ ᠪᠣᠷᠳᠣᠭᠤᠷ ᠢ ᠰᠣᠩᠭᠤᠨ ᠬᠡᠷᠡᠭᠯᠡᠭᠰᠡᠨ᠂ ᠵᠢᠱᠢᠶᠡᠯᠡᠪᠡᠯ ᠦᠬᠡᠷ ᠤᠨ ᠪᠠᠭᠠᠰᠤ᠂ ᠬᠤᠨᠢᠨ ᠤ ᠪᠠᠭᠠᠰᠤ᠂ ᠠᠮᠢᠳᠤ ᠪᠣᠳᠠᠰ ᠤᠨ ᠪᠠᠺᠲ᠋ᠧᠷᠢᠲᠦ ᠪᠣᠷᠳᠣᠭᠤᠷ ᠵᠡᠷᠭᠡ ᠶᠢ ᠰᠣᠩᠭᠤᠨ ᠬᠡᠷᠡᠭᠯᠡᠭᠰᠡᠨ᠂ ᠣᠷᠭᠠᠨᠢᠭ ᠪᠣᠷᠳᠣᠭᠤᠷ ᠢ ᠬᠡᠷᠡᠭᠯᠡᠭᠰᠡᠨ ᠪᠠ ᠪᠠᠺᠲ᠋ᠧᠷᠢ ᠳᠤ ᠠᠰᠢᠭᠲᠠᠢ ᠪᠣᠯᠤᠭᠰᠠᠨ ᠤ ᠲᠠᠷᠠᠭ᠎ᠠ᠂ ᠬᠥᠷᠥᠰᠥ ᠰᠢᠷᠣᠢ ᠶᠢᠨ ᠰᠠᠶᠢᠵᠢᠷᠠᠯᠲᠠ ᠶᠢ ᠠᠬᠢᠭᠤᠯᠵᠤ ᠴᠢᠳᠠᠨ᠎ᠠ᠃
    ᠡᠭᠦᠨ ᠤ ᠬᠠᠮᠲᠤ᠂ ᠬᠦᠷᠡᠩ ᠡᠳ᠋ ᠤᠨ ᠨᠠᠪᠴᠢ ᠤᠷᠭᠤᠯᠲᠠ ᠶᠢᠨ ᠶᠠᠪᠤᠴᠠ ᠳᠤ ᠭᠡᠷᠡᠯ ᠤᠨ ᠲᠤᠰᠤᠯᠲᠠ ᠶᠢᠨ ᠱᠠᠭᠠᠷᠳᠠᠯᠭ᠎ᠠ ᠨᠢ ᠲᠤᠶᠢᠯ ᠤᠨ ᠥᠨᠳᠥᠷ ᠪᠠᠶᠢᠵᠤ᠂ ᠭᠡᠷᠡᠯ ᠤᠨ ᠲᠤᠰᠤᠯᠲᠠ ᠶᠢᠨ ᠱᠠᠭᠠᠷᠳᠠᠯᠭ᠎ᠠ ᠳᠤ ᠬᠦᠷᠬᠦ ᠶᠢᠨ ᠲᠥᠯᠥᠭᠡ᠂ ᠪᠢᠳᠡ ᠬᠦᠯᠡᠮᠵᠢ ᠳᠤ ᠭᠡᠷᠡᠯ ᠨᠥᠬᠦᠪᠦᠷᠢᠯᠡᠬᠦ ᠳ᠋ᠧᠩ ᠤᠭᠰᠠᠷᠠᠵᠤ᠂ ᠠᠦ᠋ᠲ᠋ᠣ᠋ ᠡᠵᠡᠮᠳᠡᠯ ᠢᠶᠠᠷ ᠳᠠᠮᠵᠢᠭᠤᠯᠵᠤ᠂ ᠪᠣᠷᠣ ᠡᠳ᠋ ᠤᠨ ᠨᠠᠪᠴᠢ ᠶᠢᠨ ᠡᠳᠦᠷ ᠪᠦᠷᠢ ᠶᠢᠨ ᠭᠡᠷᠡᠯ ᠤᠨ ᠲᠤᠰᠤᠯᠲᠠ ᠶᠢᠨ ᠴᠠᠭ ᠢ 16 ᠴᠠᠭ ᠠᠴᠠ ᠳᠡᠭᠡᠭᠰᠢ ᠳᠤ ᠬᠦᠷᠭᠡᠵᠦ᠂ ᠢᠩᠭᠢᠵᠦ ᠲᠠᠷᠢᠵᠤ ᠭᠠᠷᠭᠠᠭᠰᠠᠨ ᠪᠣᠷᠣ ᠡᠳ᠋ ᠤᠨ ᠨᠠᠪᠴᠢ ᠶᠢᠨ ᠶᠠᠰᠤ ᠴᠢᠨᠠᠷ ᠲᠤᠶᠢᠯ ᠤᠨ ᠰᠠᠶᠢᠨ ᠪᠠᠶᠢᠬᠤ ᠶᠢ ᠪᠠᠲᠤᠯᠠᠪᠠ᠃ ᠱᠢᠨ᠎ᠡ ᠰᠣᠷᠭᠤᠭ ᠪᠠᠶᠢᠯᠭᠠᠬᠤ ᠲᠠᠯ᠎ᠠ ᠪᠠᠷ᠂ ᠪᠢᠳᠡᠨ ᠤ ᠨᠠᠪᠴᠢ ᠶᠢ ᠲᠡᠭᠦᠵᠦ ᠠᠪᠤᠭᠰᠠᠨ ᠤ ᠳᠠᠷᠠᠭ᠎ᠠ᠂ 2 ᠴᠠᠭ ᠤᠨ ᠳᠣᠲᠣᠷ᠎ᠠ ᠡᠷᠬᠡᠪᠱᠢ ᠬᠦᠢᠲᠡᠨ ᠬᠥᠮᠥᠷᠭᠡ ᠳᠤ ᠭᠠᠷᠭᠠᠨ ᠳᠤᠯᠠᠭᠠᠴᠠ ᠪᠠᠭᠤᠷᠠᠭᠤᠯᠬᠤ ᠪᠥᠭᠡᠳ ᠨᠠᠭᠠᠲᠤ ᠵᠠᠬ᠎ᠠ ᠳᠠᠭᠠᠨ 4 ᠴᠠᠭ ᠳᠤᠯᠠᠭᠠᠨ ᠤ ᠬᠡᠮᠵᠢᠶ᠎ᠡ ᠶᠢ ᠪᠠᠭᠤᠷᠠᠭᠤᠯᠤᠨ᠎ᠠ᠂ ᠢᠩᠭᠢᠪᠡᠯ ᠰᠠᠢᠢ ᠪᠣᠷᠣ ᠰᠦᠮ᠎ᠡ ᠶᠢᠨ ᠨᠠᠪᠴᠢ ᠨᠢ ᠤᠤᠯ ᠤᠨ ᠳᠤᠯᠠᠭᠠᠨ ᠳᠣᠣᠷ᠎ᠠ ᠬᠤᠶᠠᠷ ᠭᠠᠷᠠᠭ ᠪᠣᠯᠵᠤ ᠴᠢᠳᠠᠨ᠎ᠠ᠃ ᠮᠢᠨᠤ ᠳᠠᠷᠠᠭ᠎ᠠ ᠨᠢᠭᠡ ᠬᠠᠷᠠᠯᠲᠠ ᠪᠣᠯ ᠳᠠᠷᠤᠢ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠲᠤ ᠲᠠᠷᠢᠬᠤ ᠮᠡᠷᠭᠡᠵᠢᠯ ᠪᠣᠯᠣᠨ ᠬᠠᠮᠢᠶᠠᠷᠤᠯᠲᠠ ᠶᠢᠨ ᠮᠡᠷᠭᠡᠵᠢᠯ ᠵᠢᠭᠠᠵᠤ ᠥᠭᠴᠦ᠂ ᠲᠠᠷᠢᠬᠤ ᠲᠠᠯᠠᠪᠠᠢ ᠶᠢ ᠤᠯᠠᠮ ᠨᠢᠭᠡ ᠠᠯᠬᠤᠮ ᠥᠷᠭᠡᠳᠬᠡᠵᠦ᠂ ᠲᠣᠰᠬᠤᠨ ᠤ ᠠᠷᠠᠳ ᠢ ᠳᠠᠶᠢᠴᠢᠯᠠᠨ ᠬᠠᠮᠲᠤᠪᠠᠷ ᠪᠠᠶᠠᠵᠢᠭᠤᠯᠤᠨ᠎ᠠ᠃
     ᠣᠳᠣᠬᠠᠨ ᠳᠤ᠂ ᠪᠤᠤ ᠸᠠᠨ ᠵᠣ ᠪᠠᠰᠠ 18 ᠬᠦᠯᠡᠮᠵᠢ ᠶᠢᠨ ᠲᠣᠮᠣ ᠰᠡᠷᠡᠪ ᠴᠢ ᠶᠢ ᠥᠷᠭᠡᠳᠬᠡᠨ ᠪᠠᠶᠢᠭᠤᠯᠵᠤ᠂ ᠵᠢᠱᠢᠯᠲᠡ ᠪᠠᠷ ᠪᠣᠷᠣ ᠰᠦ ᠶᠢᠨ ᠵᠢᠯ ᠦᠨ ᠭᠠᠷᠤᠯᠲᠠ ᠨᠢ ᠤᠤᠯ ᠤᠨ 80 ᠲᠤᠨ ᠪᠠᠶᠢᠭᠰᠠᠨ ᠠᠴᠠ ᠪᠠᠨ150 ᠲᠤᠨ ᠪᠣᠯᠵᠤ ᠳᠡᠭᠡᠭᠱᠢᠯᠡᠵᠦ᠂ ᠲᠠᠷᠢᠵᠤ ᠪᠠᠶᠢᠭᠰᠠᠨ ᠪᠣᠷᠣ ᠰᠦ ᠶᠢᠨ ᠨᠠᠪ ᠴᠢ ᠶᠢ ᠭᠤᠣᠯᠳᠠᠭᠤ ᠲᠢᠶᠠᠨᠵᠢᠨ᠂ ᠭᠤᠸᠠᠩᠵᠧᠦ᠂ ᠱᠢ ᠠᠨ᠂ ᠬᠠᠩᠵᠧᠦ᠂ ᠳ᠋ᠠᠯ ᠢᠶᠠᠨ ᠵᠡᠷᠭᠡ ᠬᠤᠲᠠ ᠳᠤ ᠪᠣᠷᠣᠯᠠᠭᠤᠯᠵᠤ᠂ ᠡᠭᠦᠨ ᠤ ᠬᠠᠮᠲᠤ ᠭᠠᠳᠠᠭᠠᠳᠤ ᠳᠤ ᠪᠣᠷᠣᠯᠠᠭᠤᠯᠬᠤ ᠪᠣᠯᠣᠨ᠎ᠠ᠃          ᠰᠠᠶᠢᠬᠠᠨ ᠲᠣᠭᠤᠷᠢᠭ ᠲᠤ᠂ ᠲᠦᠮᠡᠨ ᠪᠠᠭᠠᠨ᠎ᠠ ᠰᠢᠭ᠋ ᠲᠠᠷᠢᠮᠠᠯ ᠤᠨ ᠡᠷᠦᠬᠡ ᠪᠠᠰᠠ ᠮᠠᠰᠢ ᠤᠯᠠᠨ ᠪᠠᠶᠢᠨ᠎ᠠ᠂ ᠲᠡᠳᠡ ᠠᠳᠠᠯᠢᠬᠠᠨ ᠪᠠᠰᠠ ᠬᠦᠯᠡᠮᠵᠢ ᠳᠤ ᠶᠠᠭᠠᠷᠠᠵᠤ᠂ ᠪᠣᠯᠪᠠᠰᠤᠷᠠᠭᠰᠠᠨ ᠵᠢᠮᠢᠰ ᠨᠣᠭᠤᠭ᠎ᠠ ᠲᠡᠭᠦᠵᠦ᠂ ᠤᠳᠠᠭ᠎ᠠ ᠳᠠᠷᠠᠭᠠᠯᠠᠨ ᠰᠠᠶᠢᠨ ᠬᠤᠷᠢᠶᠠᠯᠲᠠ ᠣᠯᠵᠤ᠂ ᠲᠠᠷᠢᠶᠠᠴᠢᠨ ᠡᠷᠦᠬᠡ ᠶᠢᠨ ᠢᠲᠡᠭᠡᠯ ᠳᠦᠭᠦᠷᠡᠩ ᠪᠠᠶᠢᠵᠤ᠂ ᠲᠠᠷᠢᠬᠤ ᠬᠠᠯᠠᠭᠤᠨ ᠰᠡᠳᠬᠢᠯᠭᠡ ᠴᠦ ᠲᠠᠰᠤᠷᠠᠯᠲᠠ ᠦᠭᠡᠢ ᠳᠡᠭᠡᠭᠰᠢᠯᠡᠵᠦ ᠪᠠᠶᠢᠨ᠎ᠠ᠃
    ᠨᠢᠭᠡ ᠵᠢᠯ ᠶᠠᠭᠠᠷᠠᠤ ᠬᠥᠮᠥᠰ ᠲᠤ ᠠᠪᠴᠤ ᠬᠡᠯᠡᠪᠡᠯ᠂ ᠴᠠᠭᠠᠨ ᠰᠠᠷ᠎ᠠ ᠪᠣᠯ ᠠᠮᠠᠷᠠᠬᠤ᠂ ᠪᠥᠬᠦ ᠭᠡᠷ ᠢᠶᠠᠷ ᠢᠶᠠᠨ ᠴᠤᠭᠯᠠᠷᠠᠬᠤ ᠡᠳᠦᠷ ᠮᠥᠨ᠂ ᠭᠡᠪᠡᠴᠦ ᠰᠠᠶᠢᠬᠠᠨ ᠲᠣᠭᠤᠷᠢᠭ ᠤᠨ ᠬᠦᠯᠡᠮᠵᠢ ᠳᠤ ᠳᠠᠷᠢᠭᠰᠠᠨ ᠲᠣᠰᠬᠤᠨ ᠤ ᠠᠷᠠᠳ ᠲᠤ ᠠᠪᠴᠤ ᠬᠡᠯᠡᠪᠡᠯ᠂ ᠡᠨᠡ ᠵᠢᠯ ᠪᠣᠯ ᠶᠠᠭᠠᠷᠠᠤ ᠵᠢᠯ ᠪᠣᠯᠬᠤ ᠪᠥᠭᠡᠳ ᠪᠠᠰᠠ ᠣᠯᠣᠯᠲᠠ ᠰᠠᠶᠢᠨ ᠵᠢᠯ᠂ ᠵᠣᠯ ᠵᠢᠷᠭᠠᠯᠲᠤ ᠵᠢᠯ ᠪᠣᠯᠣᠨ᠎ᠠ᠃ ᠣᠶᠢᠷ᠎ᠠ ᠶᠢᠨ ᠵᠢᠯ ᠦᠨ ᠲᠤᠷᠱᠢ᠂ ᠰᠠᠶᠢᠬᠠᠨ ᠲᠣᠭᠤᠷᠢᠭ ᠲᠠᠷᠢᠶᠠᠯᠠᠩ ᠤᠨ ᠠᠵᠤ ᠦᠢᠯᠡᠰ ᠦᠨ ᠪᠦᠲᠦᠴᠡ ᠶᠢ ᠢᠳᠡᠪᠬᠢᠲᠡᠢ ᠲᠣᠬᠢᠷᠠᠭᠤᠯᠵᠤ᠂ ᠭᠠᠵᠠᠷ ᠱᠢᠷᠣᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠠᠬᠢᠭᠤᠯᠵᠤ᠂ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠪᠴᠢᠯᠡᠨ ᠪᠡᠶᠡᠯᠡᠭᠦᠯᠵᠦ᠂ ᠲᠠᠷᠢᠶᠠᠯᠠᠩ ᠬᠦᠴᠦᠷᠬᠡᠭ᠂ ᠬᠥᠳᠡᠭᠡ ᠲᠣᠰᠭᠤᠨ᠂ ᠲᠠᠷᠢᠶᠠᠴᠢᠳ ᠪᠠᠶᠠᠨ ᠴᠢᠨᠡᠭᠡᠯᠢᠭ ᠰᠠᠶᠢᠨ ᠰᠠᠶᠢᠬᠠᠨ ᠬᠦᠰᠡᠯ ᠡᠷᠡᠮᠡᠯᠵᠡᠯ ᠢ ᠰᠠᠶᠢᠬᠠᠨ ᠲᠣᠭᠤᠷᠢᠭ ᠲᠤ ᠲᠦᠷᠭᠡᠪᠴᠢᠯᠡᠨ ᠪᠡᠶᠡᠯᠡᠭᠦᠯᠦᠨ᠎ᠡ᠃ ᠣᠳᠣᠬᠠᠨ ᠳᠤ᠂ ᠲᠣᠰᠬᠤᠨ ᠤ ᠠᠷᠠᠳ ᠣᠷᠣᠯᠭ᠎ᠠ ᠪᠠᠨ ᠨᠡᠮᠡᠭᠳᠡᠭᠦᠯᠬᠦ ᠵᠠᠮ ᠳᠡᠭᠡᠷ᠎ᠡ ᠥᠪᠡᠷ ᠥᠪᠡᠷ ᠤᠨ ᠠᠵᠢᠯ ᠢᠶᠠᠨ ᠢᠯᠡᠷᠡᠭᠦᠯᠵᠦ᠂ ᠵᠣᠭᠤᠰ ᠣᠯᠵᠤ᠂ ᠲᠠᠷᠢᠶᠠᠴᠢᠳ ᠤᠨ ᠢᠳᠡᠪᠬᠢᠵᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠯᠠᠩ ᠤᠨ ᠰᠡᠯᠡᠭᠦᠦ ᠴᠠᠭ ᠲᠤ ᠤᠯᠠᠮ ᠠᠴᠠ ᠤᠯᠠᠮ ᠬᠥᠭᠵᠢᠶᠡᠨ ᠲᠠᠢ ᠪᠣᠯᠵᠤ᠂ ᠬᠤᠲᠠ ᠶᠢᠨ ᠠᠷᠠᠳ ᠤᠨ ︽ᠨᠣᠭᠤᠭ᠎ᠠ ᠶᠢᠨ ᠰᠠᠭᠰᠤ︾ ᠶᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠲᠠᠷᠢᠶᠠᠴᠢᠳ ᠤᠨ ︽ᠵᠣᠭᠤᠰᠤᠨ ᠤᠭᠤᠲᠠ︾ ᠶᠢ ᠴᠦ ᠬᠠᠩᠭᠠᠭᠰᠠᠨ ᠪᠠᠶᠢᠨ᠎ᠠ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号