ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ ᠪᠠ ᠬᠤᠳᠠ ᠶᠢᠨ  ᠲᠦᠷᠦ ᠲᠦᠷᠬᠦ  ᠶᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/21
     ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠠᠷᠢᠶ᠎ᠠ ᠣᠷᠣᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠴᠡᠪᠡᠷ ᠲᠡᠭᠰᠢ ᠡᠮᠬᠢ ᠳᠢᠭᠯᠢᠮ ᠲᠠᠢ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ 2 ᠰᠠᠷ᠎ᠠ ᠶᠢᠨ 12  ᠤᠨ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠬᠠᠷᠢᠶ᠎ᠠ ᠣᠷᠣᠨ ᠳᠤ ᠭᠦᠨᠵᠡᠭᠡᠶᠢᠷᠡᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠳ᠋ᠦᠩ ᠸᠠ ᠶᠣᠣ ᠶᠢᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠣᠷᠳᠣᠰ ᠶᠡᠭᠡ ᠵᠡᠭᠡᠯᠢ᠂ ᠸᠠᠨ ᠳ᠋ᠠ ᠠᠭᠤᠳᠠᠮ ᠲᠠᠯᠠᠪᠠᠢ᠂ ᠰᠢᠶᠣᠣ ᠼᠤᠤ ᠴᠡᠴᠡᠷᠯᠢᠭ ᠵᠢᠴᠢ ᠡᠷᠬᠢᠨ ᠲᠣᠭᠤᠷᠢᠨ ᠵᠡᠷᠭᠡ ᠭᠠᠵᠠᠷ ᠲᠤ ᠬᠦᠷᠴᠦ᠂ ᠴᠠᠰᠤ ᠶᠢ ᠴᠡᠪᠡᠷᠯᠡᠵᠦ ᠮᠥᠰᠥ ᠶᠢ ᠠᠷᠢᠯᠭᠠᠬᠤ᠂ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠰᠢᠢᠳᠪᠦᠷᠢᠯᠡᠬᠦ ᠠᠷᠭ᠎ᠠ ᠶᠢ ᠰᠤᠳᠤᠯᠬᠤ ᠶᠢᠨ ᠬᠠᠮᠲᠤ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠶᠢ ᠱᠠᠯᠠᠪᠳᠠᠭᠤᠯᠤᠨ ᠶᠠᠰᠤ ᠴᠢᠨᠠᠷ ᠢ ᠪᠠᠲᠤᠯᠠᠵᠤ ᠲᠤᠭ᠎ᠠ ᠬᠡᠮᠵᠢᠶ᠎ᠡ ᠶᠢ ᠪᠠᠲᠤᠯᠠᠨ ᠴᠡᠭᠴᠡᠯᠡᠨ ᠰᠠᠶᠢᠵᠢᠷᠠᠭᠤᠯᠬᠤ ᠶᠢ ᠨᠢ ᠨᠠᠶᠢᠳᠠᠪᠤᠷᠢᠵᠢᠭᠤᠯᠵᠠᠢ᠃
     ᠪᠠᠶᠢᠴᠠᠭᠠᠨ ᠰᠤᠳᠤᠯᠬᠤ ᠳᠤᠭᠤᠶᠢᠯᠠᠩ  ᠠᠴᠠ ᠱᠠᠭᠠᠷᠳᠠᠭᠰᠠᠨ ᠨᠢ᠂ ᠣᠶᠢᠷ᠎ᠠ  ᠶᠢᠨ ᠬᠤᠭᠤᠴᠠᠭᠠᠨ ᠳᠤ ᠦᠯᠡᠳᠡᠭᠳᠡᠯ ᠴᠠᠰᠤ  ᠶᠢ ᠲᠦᠷᠭᠡᠪᠴᠢᠯᠡᠨ ᠴᠡᠪᠡᠷᠯᠡᠵᠦ᠂ ᠭᠤᠣᠯᠳᠠᠯᠭ᠎ᠠ  ᠶᠢ ᠲᠣᠪᠤᠶᠢᠯᠭᠠᠨ᠂ ᠴᠡᠭ ᠠᠴᠠ ᠪᠥᠬᠦ ᠲᠠᠯ᠎ᠠ ᠳᠤ ᠬᠦᠷᠲᠡᠯ᠎ᠡ ᠨᠠᠷᠢᠯᠢᠭ ᠬᠢᠵᠦ᠂ ᠠᠵᠢᠯ  ᠢ ᠬᠠᠯᠬᠠᠪᠴᠢ᠂ ᠵᠠᠮ ᠤᠨ ᠰᠢᠳᠦ ᠵᠢᠴᠢ ᠳᠡᠯᠭᠡᠭᠦᠷ ᠤᠨ ᠡᠭᠦᠳᠡᠨ ᠳᠤ ᠬᠦᠷᠲᠡᠯ᠎ᠡ ᠨᠠᠷᠢᠯᠢᠭ ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠳᠥᠭᠦᠮ ᠦᠭᠡᠢ ᠪᠣᠯᠭᠠᠬᠤ ᠶᠠᠪᠤᠳᠠᠯ ᠢ  ᠪᠠᠭᠠᠰᠬᠠᠬᠤ ᠬᠡᠷᠡᠭᠲᠡᠢ᠃ ᠣᠶᠢᠷ᠎ᠠ ᠶᠢᠨ ᠬᠤᠭᠤᠴᠠᠭᠠᠨ ᠤ ᠠᠭᠠᠷ ᠤᠨ ᠳᠤᠯᠠᠭᠠᠨ ᠳᠡᠭᠡᠭᠰᠢᠯᠡᠵᠦ ᠪᠠᠶᠢᠭ᠎ᠠ ᠴᠠᠭ ᠠᠭᠤᠷ ᠤᠨ ᠨᠥᠬᠦᠴᠡᠯ ᠢ ᠪᠦᠲᠦᠮᠵᠢᠲᠡᠶ ᠠᠰᠢᠭᠯᠠᠵᠤ᠂ ᠵᠠᠮ ᠳᠠᠭᠠᠤ ᠴᠢᠯᠠᠭᠤ ᠵᠢᠴᠢ ᠭᠤᠣᠯ ᠬᠠᠰᠢᠯᠭ᠎ᠠ ᠶᠢᠨ ᠬᠠᠰᠢᠯᠭ᠎ᠠ ᠶᠢ ᠲᠤᠶᠢᠯᠪᠤᠷᠢᠲᠠᠢ ᠴᠡᠪᠡᠷᠯᠡᠨ ᠱᠦᠭᠦᠷᠳᠡᠬᠦ ᠶᠢᠨ ᠬᠠᠮᠲᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠵᠣᠬᠢᠶᠠᠨ ᠪᠠᠶᠢᠭᠤᠯᠵᠤ ᠮᠠᠰᠢᠨ ᠮᠧᠬᠠᠨᠢᠭ ᠢᠶᠠᠷ ᠠᠷᠴᠢᠵᠤ ᠳᠡᠶᠢᠯᠬᠦ ᠦᠭᠡᠢ ᠭᠠᠵᠠᠷ ᠢ ᠬᠥᠮᠥᠨ ᠤ ᠬᠦᠴᠦ ᠪᠠᠷ ᠴᠡᠪᠡᠷᠯᠡᠨ᠎ᠡ︔ ᠡᠭᠦᠨ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠢ ᠵᠣᠬᠢᠶᠠᠨ ᠪᠠᠶᠢᠭᠤᠯᠵᠤ᠂ ᠮᠠᠰᠢᠨ ᠮᠧᠬᠠᠨᠢᠭ ᠢᠶᠠᠷ ᠠᠷᠴᠢᠵᠤ ᠴᠡᠪᠡᠷᠯᠡᠵᠦ ᠳᠡᠶᠢᠯᠬᠦ ᠦᠭᠡᠢ ᠭᠠᠵᠠᠷ ᠢ ᠴᠡᠪᠡᠷᠯᠡᠨ᠎ᠡ︔ ᠬᠤᠲᠠ ᠶᠢᠨ ᠬᠠᠮᠢᠶᠠᠷᠤᠯᠲᠠ᠂ ᠬᠠᠷᠢᠶ᠎ᠠ ᠭᠠᠵᠠᠷ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠷᠲᠡᠯᠡᠨ ᠪᠠᠶᠢᠷᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠡᠯ᠎ᠡ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠺᠣᠮᠫᠠᠨᠢ ᠨᠢ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠᠨ ᠦᠷᠭᠦᠯᠵᠢᠯᠡᠨ ᠳᠡᠭᠡᠭᠰᠢᠯᠡᠭᠦᠯᠵᠦ᠂ ᠰᠢᠯᠭᠠᠨ ᠬᠢᠨᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ︔ ᠵᠠᠮ ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠨ ᠡᠵᠡᠮᠳᠡᠵᠦ ᠲᠣᠬᠢᠷᠠᠭᠤᠯᠬᠤ ᠪᠠ ᠲᠡᠷᠭᠡ ᠬᠥᠰᠬᠡ ᠵᠣᠭᠰᠤᠭᠠᠬᠤ ᠲᠥᠯᠦᠪᠵᠢᠭᠦᠯᠭᠡ ᠳᠤ ᠬᠢᠨᠠᠯᠲᠠ ᠲᠠᠯᠪᠢᠵᠤ ᠵᠠᠰᠠᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠬᠠᠩᠭᠠᠬᠤ ᠬᠡᠷᠡᠭᠲᠡᠢ︔ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠰᠠᠯᠠᠭ᠎ᠠ ᠮᠥᠴᠢᠷ ᠤᠳ ᠨᠣᠭᠤᠭᠠᠷᠠᠭᠤᠯᠤᠯᠲᠠ ᠶᠢᠨ ᠨᠥᠬᠦᠵᠦ ᠳᠠᠷᠢᠬᠤ ᠨᠥᠬᠦᠵᠦ ᠳᠠᠷᠢᠬᠤ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠠᠵᠢᠯ ᠢ ᠰᠠᠶᠢᠲᠤᠷ ᠬᠢᠵᠦ᠂ ᠬᠤᠲᠠ ᠶᠢ ᠨᠠᠷᠢᠨ ᠨᠢᠮᠪᠠᠢ ︽ᠵᠠᠰᠠᠵᠤ ᠴᠢᠮᠡᠬᠦ︾ ᠬᠡᠷᠡᠭᠲᠡᠢ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠪᠠᠷ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠥᠬᠦ ᠬᠦᠴᠦᠨ ᠢᠶᠠᠷ ᠢᠶᠠᠨ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠬᠡᠷᠡᠭᠲᠡᠢ᠃
     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠪᠠᠶᠢᠴᠠᠭᠠᠨ ᠰᠤᠳᠤᠯᠬᠤ ᠠᠵᠢᠯ ᠤᠨ ᠳᠤᠮᠳᠠ ᠢᠯᠡᠷᠡᠭᠦᠯᠦᠭᠰᠡᠨ ᠡᠯ᠎ᠡ ᠵᠦᠢᠯ ᠤᠨ ᠠᠰᠠᠭᠤᠳᠠᠯ ᠢ ᠡᠯ᠎ᠡ ᠰᠠᠯᠠᠭ᠎ᠠ ᠮᠥᠴᠢᠷ ᠤᠨ ᠬᠢᠨ ᠲᠡᠷᠡ ᠳᠠᠷᠤᠢ ᠳᠤᠨᠢ ᠬᠡᠷᠡᠭᠵᠢᠭᠦᠯᠵᠦ ᠥᠭᠡᠷᠡᠴᠢᠯᠡᠵᠦ᠂ ᠡᠷᠲᠡ‌ᠡᠴᠡ ᠪᠠᠶᠢᠷᠢᠯᠠᠭᠤᠯᠤᠨ ᠡᠷᠲᠡ ᠠᠴᠠ ᠬᠥᠳᠡᠯᠦᠯᠴᠡᠵᠦ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠤᠯᠠᠨ ᠲᠦᠮᠡᠨ ᠤ ᠴᠡᠪᠡᠷ ᠲᠡᠭᠰᠢ ᠣᠷᠴᠢᠨ ᠲᠣᠭᠤᠷᠢᠨ ᠳᠤ ᠴᠠᠭᠠᠨ ᠰᠠᠷ᠎ᠠ ᠪᠠᠨ ᠪᠠᠶᠠᠷ ᠬᠦᠷ ᠲᠠᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号