| | ᠴᠠᠭᠠᠨ ᠰᠠᠷ᠎ᠠ ᠶᠢᠨ ᠬᠤᠭᠤᠴᠠᠭᠠᠨ ᠳᠤ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠠᠶᠢᠬᠠᠨ ᠶᠡᠭᠡ ᠠᠩᠭᠢ ᠶᠢᠨ ᠠᠷᠠᠳ ᠤᠨ ᠲᠤᠰᠠᠯᠠᠬᠤ ᠴᠠᠭᠳᠠᠭ᠎ᠠ | ᠠᠵᠢᠯ ᠤᠨ ᠪᠠᠶᠢᠷᠢ ᠪᠠᠨ ᠪᠠᠲᠤ ᠰᠠᠬᠢᠵᠤ᠂ ᠨᠢᠭᠡᠳᠦᠭᠡᠷ ᠹᠷᠣᠨᠲ ᠲᠤ ᠡᠷᠡᠯᠬᠡᠭᠯᠡᠨ ᠪᠠᠶᠢᠯᠳᠤᠵᠤ᠂ ᠴᠠᠭᠠᠨ ᠰᠠᠷ᠎ᠠ ᠶᠢᠨ | ᠬᠤᠭᠤᠴᠠᠭᠠᠨ ᠳᠤ ᠬᠠᠷᠢᠶ᠎ᠠ ᠣᠷᠣᠨ ᠤ ᠵᠠᠮ ᠬᠠᠷᠢᠯᠴᠠᠭᠠᠨ ᠤ ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ᠂ ᠡᠮᠬᠢ | ᠵᠢᠷᠤᠮ ᠲᠠᠢ᠂ ᠲᠣᠭᠲᠠᠭᠤᠨ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃ | | | | | | ᠰᠤᠷᠪᠤᠯᠵᠢᠯᠠᠭᠴᠢ ᠲᠤᠬᠠᠢ ᠶᠢᠨ ᠲᠠᠯᠠᠪᠠᠢ ᠳᠤ ᠣᠯᠵᠤ ᠦᠵᠡᠭᠰᠡᠨ ᠨᠢ᠂ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠠᠶᠢᠬᠠᠨ ᠶᠡᠭᠡ ᠠᠩᠭᠢ ᠶᠢᠨ ᠭᠤᠷᠪᠠᠳᠤᠭᠠᠷ ᠳᠤᠮᠳᠠ ᠠᠩᠭᠢ ᠶᠢᠨ ᠵᠠᠮ | ᠬᠠᠷᠢᠯᠴᠠᠭᠠᠨ ᠤ ᠴᠠᠭᠳᠠᠭ᠎ᠠ ᠶᠠᠭ ᠵᠠᠮ ᠤᠨ ᠬᠠᠵᠠᠭᠤ ᠳᠤ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ | ᠣᠶᠢᠯᠠᠭᠠᠭᠰᠠᠨ ᠢᠶᠠᠷ᠂ ᠭᠤᠷᠪᠠᠳᠤᠭᠠᠷ ᠳᠤᠮᠳᠠ ᠠᠩᠭᠢ ᠶᠢᠨ ᠬᠢᠨ ᠪᠥᠬᠦ ᠴᠠᠭᠳᠠᠭᠠᠨ ᠤ ᠬᠦᠴᠦᠨ ᠢ ᠤᠷᠢᠳᠴᠢᠯᠠᠨ | ᠪᠠᠶᠢᠷᠢᠯᠠᠭᠤᠯᠤᠨ ᠳᠠᠶᠢᠴᠢᠯᠠᠵᠤ᠂ ᠵᠢᠵᠢᠭᠦᠷᠯᠡᠬᠦ 5 ᠴᠡᠭ᠂ 1 ᠲᠤᠬᠠᠢ ᠶᠢᠨ ᠲᠠᠯᠠᠪᠠᠶ ᠶᠢᠨ ᠠᠳᠡᠯ ᠢ ᠰᠢᠢᠳᠪᠦᠷᠢᠯᠡᠬᠦ | ᠪᠠᠴᠢᠮ ᠪᠠᠶᠢᠳᠠᠯ ᠢ ᠠᠷᠭᠠᠴᠠᠬᠤ ᠳᠤᠭᠤᠶᠢᠯᠠᠩ ᠪᠠ 3 ᠬᠥᠳᠡᠯᠦᠩᠭᠦᠢ ᠲᠣᠭᠤᠷᠢᠨ ᠴᠠᠭᠳᠠᠬᠤ ᠳᠤᠭᠤᠶᠢᠯᠠᠩ | ᠲᠣᠬᠢᠷᠠᠭᠤᠯᠵᠤ᠂ ᠵᠠᠮ ᠬᠠᠷᠢᠯᠴᠠᠭᠠᠨ ᠤ ᠠᠮᠤᠷ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠬᠠᠷᠢᠶ᠎ᠠ ᠣᠷᠣᠨ ᠤ ᠭᠤᠣᠯ ᠵᠠᠮ᠂ ᠬᠤᠳᠠᠯᠳᠤᠭᠠᠨ ᠤ ᠲᠣᠭᠤᠷᠢᠭ ᠵᠡᠷᠭᠡ ᠠᠮᠠᠷᠬᠠᠨ ᠲᠦᠭᠵᠢᠷᠡᠬᠦ ᠵᠠᠮ ᠤᠨ ᠬᠡᠰᠡᠭ ᠲᠤ | ᠴᠠᠭᠳᠠᠭᠠᠨ ᠤ ᠬᠦᠴᠦᠨ ᠨᠡᠮᠡᠵᠦ᠂ ᠪᠠᠶᠢᠷᠢ ᠲᠣᠭᠲᠠᠭᠠᠬᠤ᠂ ᠠᠵᠢᠯ ᠤᠨ ᠪᠠᠶᠢᠷᠢ ᠲᠣᠭᠲᠠᠭᠠᠬᠤ᠂ ᠬᠥᠮᠥᠨ ᠲᠣᠭᠲᠠᠭᠠᠬᠤ᠂ | ᠬᠠᠷᠢᠭᠤᠴᠠᠯᠭ᠎ᠠ ᠲᠣᠭᠲᠠᠭᠠᠬᠤ᠂ ᠵᠠᠮ ᠬᠠᠷᠢᠯᠴᠠᠭᠠᠨ ᠤ ᠵᠢᠯᠣᠭᠤᠳᠤᠯᠭ᠎ᠠ ᠬᠢᠬᠦ ᠪᠠ ᠵᠠᠮ ᠤᠨ ᠭᠠᠳᠠᠷᠭᠤ ᠶᠢᠨ ᠲᠣᠭᠤᠷᠢᠨ | ᠪᠠᠶᠢᠴᠠᠭᠠᠯᠲᠠ ᠬᠢᠵᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠪᠡ᠃ ᠡᠭᠦᠨ ᠤ ᠬᠠᠮᠲᠤ᠂ ᠠᠷᠢᠬᠢ ᠤᠤᠭᠤᠭᠰᠠᠨ ᠤ | ᠳᠠᠷᠠᠭ᠎ᠠ ᠲᠡᠷᠭᠡ ᠵᠢᠯᠤᠭᠤᠳᠬᠤ᠂ ᠫᠠᠶᠢᠰᠠ ᠦᠭᠡᠢ ᠦᠨᠡᠮᠯᠡᠯ ᠦᠭᠡᠢ᠂ ᠲᠡᠷᠭᠡ ᠬᠥᠰᠬᠡ ᠶᠢ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠠᠮ ᠬᠠᠷᠢᠯᠴᠠᠭᠠᠨ ᠤ ᠠᠳᠡᠯ ᠭᠠᠷᠬᠤ ᠶᠢ ᠰᠡᠷᠭᠡᠶᠢᠯᠡᠨ ᠪᠠᠭᠠᠰᠬᠠᠨ᠎ᠠ᠃ | | | | | | ᠵᠠᠮ ᠬᠠᠷᠢᠯᠴᠠᠭᠠᠨ ᠤ ᠴᠠᠭᠳᠠᠭ᠎ᠠ︽ᠴᠠᠭᠠᠨ ᠰᠠᠷ᠎ᠠ ᠶᠢᠨ ᠠᠮᠠᠷᠠᠯᠲᠠ︾ ᠵᠠᠭᠪᠤᠷ ᠦᠭᠡᠢ᠂ ᠲᠡᠳᠡ ᠭᠡᠷ | ᠬᠤᠲᠠᠯᠠᠭᠠᠷ ᠢᠶᠠᠨ ᠴᠤᠭᠯᠠᠷᠠᠬᠤ ᠠᠷᠭ᠎ᠠ ᠦᠭᠡᠢ᠂ ᠭᠡᠷ ᠦᠨ ᠬᠥᠮᠥᠰ ᠢᠶᠠᠨ ᠳᠠᠭᠠᠵᠤ ᠲᠥᠷᠥᠯ ᠰᠠᠳᠤᠨ ᠢᠶᠠᠨ | ᠡᠷᠭᠢᠵᠦ ᠦᠵᠡᠵᠦ ᠴᠢᠳᠠᠭᠰᠠᠨ ᠦᠭᠡᠢ᠃ ᠵᠢᠯ ᠪᠦᠷᠢ ᠶᠢᠨ ᠴᠠᠭᠠᠨ ᠰᠠᠷ᠎ᠠ ᠳᠤ᠂ ᠲᠡᠳᠡ ᠠᠵᠢᠯ ᠤᠨ ᠪᠠᠶᠢᠷᠢ ᠪᠠᠨ ᠪᠠᠲᠤ | ᠰᠠᠬᠢᠵᠤ᠂ ᠬᠤᠳᠠ ᠶᠢᠨ ᠠᠷᠠᠳ ᠨᠢᠭᠡᠪᠦᠷᠢ ᠶᠢᠨ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠰᠠᠬᠢᠨ ᠬᠠᠮᠠᠭᠠᠯᠠᠵᠤ᠂ | ᠪᠣᠳᠠᠲᠤ ᠠᠵᠢᠯᠯᠠᠭ᠎ᠠ ᠪᠠᠷ ᠢᠶᠠᠨ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠬᠤ ᠪᠠ ᠠᠷᠠᠳ ᠲᠦᠮᠡᠨ ᠤ ᠠᠮᠢ ᠨᠠᠰᠤ | ᠡᠳ᠋ ᠬᠥᠷᠥᠩᠭᠡ ᠶᠢᠨ ᠠᠮᠤᠷ ᠲᠦᠪᠰᠢᠨ ᠤ ᠲᠤᠬᠠᠢ ᠠᠮᠠᠯᠠᠯᠲᠠ ᠪᠠᠨ ᠲᠠᠶᠢᠯᠪᠤᠷᠢᠯᠠᠵᠤ ᠪᠠᠶᠢᠨ᠎ᠠ᠃ | | | | | | | ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠰᠠᠶᠢᠬᠠᠨ ᠶᠡᠭᠡ ᠠᠩᠭᠢ ᠶᠢᠨ ᠵᠠᠮ | ᠬᠠᠷᠢᠯᠴᠠᠭᠠᠨ ᠤ ᠴᠠᠭᠳᠠᠭ᠎ᠠ ᠥᠷᠭᠡᠨ ᠣᠯᠠᠨ ᠬᠤᠲᠠ ᠶᠢᠨ ᠠᠷᠠᠳ ᠲᠤ ᠴᠢᠩ ᠰᠡᠳᠬᠢᠯ ᠠᠴᠠ ᠪᠠᠨ ᠰᠠᠨᠠᠭᠤᠯᠵᠤ | ᠪᠠᠶᠢᠨ᠎ᠠ᠄ ᠴᠠᠭᠠᠨ ᠰᠠᠷ᠎ᠠ ᠶᠢᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠳᠦᠷᠢᠮ ᠢ ᠵᠢᠷᠤᠮᠯᠠᠵᠤ᠂ ᠪᠣᠯᠪᠠᠰᠤᠨ ᠢᠶᠠᠷ | ᠲᠡᠷᠭᠡ ᠵᠢᠯᠤᠭᠤᠳᠴᠤ᠂ ᠠᠷᠢᠬᠢ ᠤᠤᠭᠤᠪᠠᠯ ᠲᠡᠷᠭᠡ ᠵᠢᠯᠤᠭᠤᠳᠬᠤ ᠦᠭᠡᠢ᠂ ᠲᠡᠷᠭᠡ ᠵᠢᠯᠤᠭᠤᠳᠴᠤ ᠠᠷᠢᠬᠢ | ᠤᠤᠭᠤᠬᠤ ᠦᠭᠡᠢ᠃ ᠪᠢᠳᠡ ᠠᠮᠤᠷ ᠲᠦᠪᠰᠢᠨ᠂ ᠡᠶ᠎ᠡ ᠵᠣᠬᠢᠴᠠᠯ ᠲᠠᠢ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠶᠢᠨ | ᠠᠭᠤᠷ ᠠᠮᠢᠰᠬᠤᠯ ᠢ ᠬᠠᠮᠲᠤ ᠪᠠᠷ ᠴᠣᠭᠴᠠᠯᠠᠶ᠎ᠠ᠃ | | ᠢᠷᠡᠯᠲᠡ᠄ ᠰᠠᠶᠢᠬᠠᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |