ᠮᠠᠨ ᠤ ᠣᠷᠣᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ 3140.55 ᠲᠦᠮᠡᠨ ᠬᠥᠮᠥᠨ ᠤᠳᠠᠭ᠎ᠠ ᠭᠥᠯᠢᠶᠡᠨ ᠠᠪᠤᠪᠠ
ᠨᠡᠶᠢᠲᠡᠯᠡᠭᠰᠡᠨ ᠴᠠᠭ᠄
2024/2/21
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ 2024 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠣᠷᠣᠨ ᠤᠯᠤᠰ ᠤᠨ ᠳᠣᠲᠣᠭᠠᠳᠤ ᠶᠢᠨ ᠵᠢᠭᠤᠯᠴᠢᠯᠠᠬᠰᠠᠳ ᠢ 3140.55 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 5.76 ᠳᠠᠭᠢᠨ ᠪᠣᠯᠵᠠᠢ᠃ ᠵᠢᠭᠤᠯᠴᠢᠯᠠᠯ ᠤᠨ ᠣᠷᠣᠯᠭ᠎ᠠ 221.22  ᠳ᠋ᠦᠩᠰᠢᠭᠤᠷ ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.63 ᠳᠠᠭᠢᠨ ᠪᠣᠯᠪᠠ᠃      ᠡᠭᠦᠨ ᠳᠤ᠂ ᠾᠧᠪᠧᠢ ᠮᠤᠵᠢ᠂ ᠪᠡᠭᠡᠵᠢᠩ ᠬᠤᠲᠠ᠂ ᠱᠠᠩᠬᠠᠢ ᠬᠤᠲᠠ᠂ ᠯᠢᠶᠣᠤᠨᠢᠩ ᠮᠤᠵᠢ᠂ ᠴᠦᠩᠴᠢᠩ ᠬᠤᠲᠠ  ᠠᠴᠠ ᠢᠷᠡᠭᠰᠡᠨ ᠵᠢᠭᠤᠯᠴᠢᠯᠠᠬᠰᠠᠳ ᠤᠨ ᠲᠤᠭ᠎ᠠ ᠡᠮᠦᠨ᠎ᠡ ᠲᠠᠪᠤ ᠳᠤ ᠣᠷᠣᠵᠤ᠂ ᠣᠷᠣᠨ ᠤ ᠭᠠᠳᠠᠨᠠᠬᠢ ᠵᠢᠭᠤᠯᠴᠢᠯᠠᠬᠰᠠᠳ ᠤᠨ 46.31% ᠶᠢ ᠡᠵᠡᠯᠡᠵᠡᠢ᠃ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠬᠰᠠᠳ ᠣᠯᠠᠩᠬᠢ  ᠶᠢ ᠡᠵᠡᠯᠡᠵᠦ᠂ 71.04%  ᠭᠦᠷᠪᠡ᠃      ᠢᠷᠡᠯᠲᠡ᠄ ᠰᠢᠨᠬᠤᠸᠠ ᠬᠤᠷᠢᠶ᠎ᠠ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号