ᠮᠠᠨ ᠤ ᠣᠷᠣᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ 118 ᠪᠠᠶᠢᠭᠤᠯᠪᠠ
ᠨᠡᠶᠢᠲᠡᠯᠡᠭᠰᠡᠨ ᠴᠠᠭ᠄
2024/2/21
     ᠣᠶᠢᠷ᠎ᠠ ᠶᠢᠨ ᠵᠢᠯ ᠠᠴᠠ ᠨᠠᠭᠠᠰᠢ  ᠮᠠᠨ ᠤ ᠣᠷᠣᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠡᠩᠨᠡᠭᠡ  ᠪᠠᠨ ᠲᠠᠰᠤᠷᠠᠯᠳᠠ ᠦᠭᠡᠢ ᠪᠤᠵᠠᠭᠠᠶᠢᠷᠠᠭᠤᠯᠵᠤ᠂ ᠤᠳᠦ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ 118 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠲᠣᠭᠤᠷᠢᠭ ᠢ ᠪᠦᠭᠦᠨ ᠢ ᠬᠠᠮᠤᠷᠤᠭᠰᠠᠨ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢᠨ ᠳᠡᠳ᠋ ᠳᠠᠷᠤᠭ᠎ᠠ ᠵᠠᠩ ᠵᠦᠩ ᠪᠢᠩ ᠤᠨ ᠲᠠᠨᠢᠯᠴᠠᠭᠤᠯᠤᠭᠰᠠᠨ ᠢᠶᠠᠷ᠂ ᠣᠶᠢᠷ᠎ᠠ ᠶᠢᠨ ᠵᠢᠯ ᠳᠤ ᠮᠠᠨ ᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠠ ᠲᠦᠪᠰᠢᠨ ᠲᠠᠰᠤᠷᠠᠯᠳᠠ ᠦᠭᠡᠢ ᠳᠡᠭᠡᠭᠰᠢᠯᠡᠭᠰᠡᠨ ᠪᠠᠶᠢᠨ᠎ᠠ᠃ 2023 ᠣᠨ ᠳᠤ ᠮᠠᠨ ᠤ ᠣᠷᠣᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ 5 ᠰᠠᠷ᠎ᠠ ᠳᠤ ᠪᠦᠭᠦ ᠣᠷᠣᠨ ᠤ ᠡᠯ᠎ᠡ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠫᠠᠶᠢᠰᠠ ᠡᠯᠭᠦᠨ ᠠᠵᠢᠯ ᠢᠶᠠᠨ ᠡᠬᠢᠯᠡᠭᠦᠯᠵᠦ᠂ 8 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠭᠤᠯᠤᠮᠵᠢ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠶᠢ ᠪᠠᠶᠢᠭᠤᠯᠬᠤ ᠶᠢ ᠵᠢᠩᠬᠢᠨᠢ ᠪᠠᠷ ᠵᠥᠪᠰᠢᠶᠡᠷᠡᠪᠡ᠃ ᠤᠳᠤ ᠤᠳᠤᠷᠢᠳᠬᠤ ᠪᠠᠭ ᠪᠠᠶᠢᠭᠤᠯᠬᠤ ᠪᠠ ᠠᠵᠢᠯᠲᠠᠨ ᠲᠣᠬᠢᠷᠠᠭᠤᠯᠬᠤ ᠠᠵᠢᠯ ᠢ ᠨᠢᠭᠡᠨᠲᠡ ᠪᠡᠶᠡᠯᠡᠭᠦᠯᠵᠦ᠂ ᠪᠡᠶ᠎ᠡ ᠪᠠᠨ ᠳᠠᠭᠠᠭᠠᠨ ᠠᠵᠢᠯᠯᠠᠵᠤ ᠡᠬᠢᠯᠡᠵᠡᠢ᠃ ᠡᠯ᠎ᠡ ᠠᠶᠢᠮᠠᠭ ᠬᠤᠳᠠ ᠶᠢᠨ ᠲᠣᠪᠴᠢᠶ᠎ᠠ ᠶᠢᠨ ᠬᠢᠨ ᠴᠤ ᠠᠵᠢᠯ ᠢᠶᠠᠨ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃ ᠪᠦᠭᠦ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠳᠠᠬᠢ ᠥᠨᠳᠥᠷ ᠰᠤᠷᠤᠯᠭ᠎ᠠ ᠶᠢᠨ ᠨᠠᠮᠲᠠᠷ᠂ ᠥᠨᠳᠥᠷ ᠮᠡᠷᠭᠡᠵᠢᠯ ᠤᠨ ᠴᠣᠯᠠ ᠲᠠᠢ ᠠᠵᠢᠯᠲᠠᠨ ᠤ ᠡᠵᠡᠯᠡᠬᠦ ᠬᠠᠷᠢᠴᠠᠯ ᠴᠤ ᠵᠣᠬᠢᠬᠤ ᠬᠡᠮᠵᠢᠶ᠎ᠡ ᠪᠠᠷ ᠨᠡᠮᠡᠭᠳᠡᠵᠡᠢ᠃ ᠪᠦᠭᠦ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ  ᠪᠠᠶᠢᠭᠤᠯᠤᠮᠵᠢ ᠶᠢᠨ ᠬᠢᠨ ᠨᠢᠭᠡᠨᠲᠡ 412 ᠠᠮᠢᠳᠤ ᠪᠣᠳᠠᠰ  ᠤᠨ ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ ᠢ ᠪᠠᠶᠢᠭᠤᠯᠪᠠ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ 1 ᠪᠠᠶᠢᠵᠤ᠂  1 ᠠᠮᠢᠳᠤ ᠪᠣᠳᠠᠰ ᠤᠨ ᠠᠮᠤᠷ ᠲᠦᠪᠰᠢᠨ ᠤ ᠭᠤᠷᠪᠠᠳᠤᠭᠠᠷ ᠳᠡᠰ ᠤᠨ ᠲᠤᠷᠰᠢᠯᠲᠠ ᠶᠢᠨ ᠲᠠᠰᠤᠭ ᠤᠯᠤᠰ ᠤᠨ ᠲᠤᠷᠰᠢᠯᠲᠠ  ᠶᠢᠨ ᠲᠠᠰᠤᠭ ᠤᠨ ᠬᠢᠨᠠᠨ ᠰᠢᠯᠭᠠᠯᠲᠠ ᠶᠢ ᠳᠠᠪᠠᠵᠤ᠂ ᠥᠪᠡᠷᠲᠡᠭᠡᠨ ᠵᠠᠰᠠᠬᠤ ᠣᠷᠣᠨ ᠤ ᠰᠢᠰᠲ᠋ᠧᠮ ᠳᠤ ᠥᠨᠳᠥᠷ ᠳᠡᠰ  ᠤᠨ ᠠᠮᠢᠳᠤ ᠪᠣᠳᠠᠰ ᠤᠨ ᠠᠮᠤᠷ ᠲᠦᠪᠰᠢᠨ ᠤ ᠲᠤᠷᠰᠢᠯᠲᠠ ᠶᠢᠨ ᠲᠠᠰᠤᠭ ᠦᠭᠡᠢ ᠪᠠᠶᠢᠭᠰᠠᠨ ᠬᠤᠭᠤᠰᠤᠨ ᠢ ᠨᠥᠬᠦᠪᠦᠷᠢᠯᠡᠵᠡᠢ᠃ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠰᠡᠷᠭᠡᠶᠢᠯᠡᠯᠲᠡ ᠶᠢᠨ ᠴᠢᠨᠠᠷᠲᠠᠢ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠫᠠᠶᠢᠰᠠ ᠶᠢ ᠨᠡᠮᠡᠵᠦ᠂ 2 ᠰᠤᠳᠤᠯᠬᠤ ᠲᠠᠰᠤᠭ ᠪᠠ 1 ᠲᠤᠷᠰᠢᠯᠲᠠ ᠶᠢᠨ ᠲᠠᠰᠤᠭ ᠨᠡᠮᠡᠵᠦ ᠪᠠᠶᠢᠭᠤᠯᠤᠨ᠂ ᠪᠦᠭᠦ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠳᠠᠪᠤᠷᠢᠲᠠᠨ ᠢ ᠬᠥᠮᠥᠵᠢᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠪᠦᠭᠦ ᠣᠷᠣᠨ ᠤ 12 ᠠᠶᠢᠮᠠᠭ ᠬᠤᠳᠠ ᠴᠥᠮ ᠤᠯᠤᠰ ᠤᠨ ᠡᠪᠡᠳᠴᠢᠯᠡᠭᠦᠯᠬᠦ ᠸᠢᠷᠦ᠋ᠰ ᠢ ᠢᠯᠭᠠᠨ ᠲᠠᠨᠢᠬᠤ ᠰᠦᠯᠵᠢᠶ᠎ᠡ ᠳᠤ ᠬᠠᠮᠤᠷᠤᠭᠳᠠᠨ ᠣᠷᠣᠵᠤ᠂ ᠠᠮᠢᠳᠤᠷᠠᠯ ᠤᠨ ᠬᠡᠷᠡᠭᠯᠡᠭᠡᠨ ᠤ ᠤᠰᠤ ᠶᠢ ᠬᠢᠨᠠᠨ ᠰᠢᠯᠭᠠᠬᠤ ᠠᠵᠢᠯ ᠰᠤᠮᠤ ᠰᠢᠶᠠᠩ ᠪᠠᠯᠭᠠᠰᠤ ᠶᠢ ᠪᠦᠭᠦᠨ ᠢ ᠬᠠᠮᠤᠷᠬᠤ ᠶᠢ ᠪᠡᠶᠡᠯᠡᠭᠦᠯᠦᠨ᠂ 12 ᠠᠶᠢᠮᠠᠭ ᠬᠤᠳᠠ ᠪᠦᠭᠦᠨ ᠢᠶᠠᠷ  ᠢᠶᠠᠨ ᠭᠧᠨ ᠤ ᠵᠢᠭᠰᠠᠭᠠᠯ ᠢ ᠰᠢᠯᠭᠠᠬᠤ ᠪᠠ ᠸᠢᠷᠦ᠋ᠰ ᠢ ᠢᠯᠭᠠᠷᠠᠭᠤᠯᠬᠤ ᠠᠵᠢᠯ ᠬᠢᠬᠦ ᠴᠢᠳᠠᠪᠤᠷᠢ ᠲᠠᠢ ᠪᠣᠯᠵᠤ᠂ ᠬᠤᠰᠢᠭᠤ ᠰᠢᠶᠠᠨ ᠲᠣᠭᠤᠷᠢᠭ ᠤᠨ ᠬᠢᠨ ᠴᠥᠮ ᠪᠥᠭᠡᠮ ᠬᠦᠴᠢᠯ ᠤᠨ ᠪᠠᠶᠢᠴᠠᠭᠠᠯᠲᠠ ᠬᠢᠬᠦ ᠴᠢᠳᠠᠪᠤᠷᠢ ᠲᠠᠢ ᠪᠣᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号