| | ᠣᠶᠢᠷ᠎ᠠ ᠳᠤ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠣᠭᠴᠠᠯᠠᠬᠤ ᠳᠤ ᠠᠷᠭ᠎ᠠ ᠤᠬᠠᠭᠠᠨ | ᠰᠦᠪᠡᠭᠴᠢᠯᠡᠬᠦ ᠶᠢ ᠵᠣᠷᠢᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ | ᠤᠨ ᠥᠪ ᠢ ᠬᠠᠮᠠᠭᠠᠯᠠᠬᠤ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠭᠡᠳ ᠲᠤᠷᠰᠢᠯᠭ᠎ᠠ ᠪᠠᠨ ᠬᠤᠪᠢᠶᠠᠯᠴᠠᠬᠤ ᠰᠠᠷ᠎ᠠ | ᠶᠢᠨ ᠰᠦᠯᠵᠢᠶᠡᠨ ᠳᠡᠭᠡᠷᠡᠬᠢ ᠠᠵᠢᠯᠯᠠᠭ᠎ᠠ ᠠᠮᠵᠢᠯᠲᠠ ᠲᠠᠢ ᠲᠡᠭᠦᠰᠪᠡ᠃ | | | ᠲᠣᠰ ᠤᠳᠠᠭ᠎ᠠ ᠶᠢᠨ ᠠᠵᠢᠯᠯᠠᠭ᠎ᠠ ᠳᠤ ᠶᠡᠭᠡ ᠳᠡᠭᠡᠳᠦ ᠰᠤᠷᠭᠠᠭᠤᠯᠢ ᠶᠢᠨ ᠨᠠᠷᠠᠲᠤ ᠲᠤᠰᠬᠠᠢ ᠮᠡᠷᠭᠡᠵᠢᠯᠲᠡᠨ | ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠤᠷᠢᠵᠤ ᠪᠣᠳᠠᠰ ᠤᠨ ᠪᠤᠰᠤ ᠰᠣᠶᠣᠯ ᠤᠨ | ᠥᠪ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠶᠢᠯᠤᠮᠵᠢ ᠪᠠ ᠵᠢᠱᠢᠶ᠎ᠡ ᠶᠢ ᠤᠯᠠᠨ ᠲᠠᠢ ᠬᠤᠪᠢᠶᠠᠯᠴᠠᠭᠤᠯᠵᠤ᠂ | 11 ᠳᠠᠯᠠᠪᠠᠢ ᠲᠠᠶᠢᠯᠤᠮᠵᠢ ᠬᠢᠵᠦ᠂ ᠪᠦᠭᠦ ᠤᠯᠤᠰ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ | ᠰᠣᠶᠣᠯ ᠤᠨ ᠥᠪ ᠤᠨ ᠰᠤᠳᠤᠯᠭᠠᠨ ᠤ ᠲᠤᠰᠬᠠᠢ ᠮᠡᠷᠭᠡᠵᠢᠯᠲᠡᠨ᠂ ᠪᠦᠭᠦ ᠣᠷᠣᠨ ᠤ ᠡᠯ᠎ᠡ ᠲᠦᠷᠦᠯ ᠤᠨ ᠪᠣᠳᠠᠰ ᠤᠨ | ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠲᠥᠯᠥᠭᠡᠯᠡᠭᠴᠢ ᠪᠣᠯᠣᠨ ᠪᠣᠳᠠᠰ ᠤᠨ ᠪᠤᠰᠤ ᠰᠣᠶᠣᠯ ᠤᠨ ᠥᠪ | ᠤᠨ ᠠᠵᠢᠯ ᠡᠷᠬᠢᠯᠡᠭᠰᠡᠳ 700 ᠭᠠᠷᠤᠢ ᠬᠥᠮᠥᠨ ᠣᠷᠣᠯᠴᠠᠪᠠ᠃ ᠡᠷᠳᠡᠮ ᠰᠢᠨᠵᠢᠯᠡᠭᠡᠨ ᠤ ᠰᠣᠯᠢᠯᠴᠠᠭᠠᠨ ᠳᠤ | ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠢᠯᠡᠳᠦᠯᠭᠡ ᠶᠢᠨ ᠠᠷᠭ᠎ᠠ | ᠵᠠᠮ᠂ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠳᠠᠬᠤᠨ ᠲᠦᠷᠦᠯ ᠢᠯᠭᠠᠯ ᠪᠣᠯᠣᠨ ᠣᠨᠴᠠᠯᠢᠭ ᠵᠡᠷᠭᠡ ᠶᠢ | ᠲᠣᠳᠣᠷᠬᠠᠶᠢᠯᠠᠨ ᠥᠭᠦᠯᠡᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠣᠯᠠᠨ ᠵᠢᠯ ᠤᠨ | ᠤᠯᠠᠮᠵᠢᠯᠠᠨ ᠵᠠᠯᠭᠠᠮᠵᠢᠯᠠᠭᠰᠠᠨ ᠦᠢᠯᠡᠳᠦᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ ᠤᠯᠠᠮᠵᠢᠯᠠᠯᠲᠤ ᠳᠠᠭᠤᠤ | ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠪᠡᠶ᠎ᠡ ᠶᠢᠨ ᠲᠠᠮᠢᠷ᠂ ᠤᠯᠠᠮᠵᠢᠯᠠᠯᠲᠤ ᠤᠷᠠᠨ ᠵᠢᠷᠤᠭ᠂ ᠪᠣᠳᠠᠰ ᠤᠨ | ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠮᠵᠢᠯᠲᠠ ᠲᠠᠢ | ᠵᠢᠱᠢᠶ᠎ᠡ ᠵᠢᠴᠢ ᠦᠵᠡᠯ ᠪᠤᠳᠤᠯ ᠢᠶᠠᠨ ᠬᠤᠪᠢᠶᠠᠯᠴᠠᠵᠠᠢ᠃ ᠲᠣᠰ ᠤᠳᠠᠭ᠎ᠠ ᠶᠢᠨ ᠠᠵᠢᠯᠯᠠᠭ᠎ᠠ ᠨᠢ ᠮᠠᠨ ᠤ ᠣᠷᠣᠨ ᠤ | ᠣᠶᠢᠷ᠎ᠠ ᠶᠢᠨ ᠵᠢᠯ ᠤᠨ ᠲᠤᠷᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ | ᠪᠦᠲᠦᠮᠵᠢ ᠪᠠ ᠠᠮᠢᠳᠤᠯᠢᠭ ᠦᠢᠯᠡᠳᠦᠯᠭᠡ ᠶᠢ ᠣᠯᠠᠨ ᠲᠠᠯ᠎ᠠ ᠪᠠᠷ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ | ᠤᠨ ᠥᠪ ᠤᠨ ᠤᠯᠠᠮᠵᠢᠯᠠᠭᠴᠢᠳ ᠪᠠ ᠠᠵᠢᠯᠯᠠᠭᠰᠠᠳ ᠤᠨ ᠣᠨᠣᠯ ᠤᠨ ᠲᠦᠪᠰᠢᠨ ᠢ ᠳᠡᠭᠡᠭᠰᠢᠯᠡᠭᠦᠯᠭᠦ᠂ | ᠬᠠᠮᠠᠭᠠᠯᠠᠯᠲᠠ ᠶᠢᠨ ᠲᠤᠷᠰᠢᠯᠭ᠎ᠠ ᠪᠠᠨ ᠰᠣᠯᠢᠯᠴᠠᠬᠤ᠂ ᠤᠯᠠᠮᠵᠢᠯᠠᠨ ᠵᠠᠯᠭᠠᠮᠵᠢᠯᠠᠬᠤ ᠠᠷᠭ᠎ᠠ ᠵᠠᠮ ᠢ ᠥᠷᠭᠡᠳᠬᠡᠬᠦ ᠳᠤ | ᠲᠠᠪᠴᠠᠩ ᠪᠠ ᠠᠵᠠ ᠲᠣᠭᠢᠶᠠᠯ ᠬᠠᠩᠭᠠᠭᠰᠠᠨ ᠪᠠᠶᠢᠨ᠎ᠠ᠃ | |