ᠡᠨᠡ ᠵᠢᠯ ᠮᠠᠨ ᠤ ᠣᠷᠣᠨ 1500 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠷ ᠲᠥᠯᠥᠪᠯᠡᠵᠦ ᠪᠤᠶ
ᠨᠡᠶᠢᠲᠡᠯᠡᠭᠰᠡᠨ ᠴᠠᠭ᠄
2024/2/21
    ᠰᠤᠷᠪᠤᠯᠵᠢᠯᠠᠬᠴᠢ 2 ᠰᠠᠷ᠎ᠠ ᠶᠢᠨ 4 ᠤ ᠡᠳᠦᠷ ᠬᠤᠷᠠᠯᠳᠤᠭᠰᠠᠨ ᠪᠦᠭᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠤ᠋ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ 300 ᠲᠦᠮᠡᠨ ᠮᠦ ᠠᠴᠠ ᠳᠡᠭᠡᠭᠰᠢ ᠮᠣᠳᠣ ᠳᠠᠷᠢᠵᠤ᠂ 1300 ᠲᠦᠮᠡᠨ ᠮᠦ ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠪᠠᠷ ᠲᠥᠯᠥᠪᠯᠡᠵᠦ ᠪᠤᠶ᠃     ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾ ᠤ 13 ᠮᠤᠵᠢ ᠣᠷᠣᠨ ᠤ ᠳᠣᠲᠣᠷᠠᠬᠢ ᠡᠭᠦᠷᠭᠡ ᠬᠠᠮᠤᠭ ᠤᠨ ᠬᠦᠨᠳᠦ᠂ ᠬᠠᠷᠢᠭᠤᠴᠠᠯᠭ᠎ᠠ ᠬᠠᠮᠤᠭ ᠤᠨ ᠶᠡᠭᠡ ᠮᠤᠵᠢ ᠣᠷᠣᠨ ᠪᠣᠯᠤᠭᠰᠠᠨ ᠤ ᠬᠤᠪᠢ ᠳᠤ᠂ 2024 ᠣᠨ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 90 ᠲᠦᠮᠡᠨ ᠮᠦ ᠠᠴᠠ ᠳᠡᠭᠡᠭᠰᠢ ᠡᠯᠡᠰᠦ ᠶᠢ ᠰᠢᠨ᠎ᠡ ᠡᠨᠧᠷᠭᠢ ᠪᠠᠷ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠪᠠᠷ ᠴᠢᠷᠮᠠᠶᠢᠵᠤ ᠪᠤᠢ᠃ ᠣᠶ ᠰᠢᠭᠤᠢ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠣᠨᠣᠴᠠᠲᠠᠢ ᠳᠡᠭᠡᠭᠰᠢᠯᠡᠭᠦᠯᠭᠦ ᠢᠨᠵᠧᠨᠧᠷᠢᠩ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠡᠪᠴᠢᠶᠡᠵᠢᠭᠦᠯᠦᠭᠰᠡᠨ ᠣᠶ ᠰᠢᠭᠤᠢ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠵᠢᠯ ᠳᠤ 88.92 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ 573 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ᠂ 12 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ 25.5 ᠲᠦᠮᠡᠨ ᠮᠦ ᠬᠡᠪᠴᠢᠶᠡᠵᠢᠭᠦᠯᠦᠭᠰᠡᠨ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃    ᠡᠭᠦᠨ ᠤ ᠬᠠᠮᠲᠤ᠂ ᠲᠥᠯᠦᠪᠵᠢᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠣᠷᠣᠭᠤᠯᠤᠯᠲᠠ  ᠪᠠᠷ ᠭᠤᠣᠯ ᠪᠣᠯᠭᠠᠨ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠤᠯᠭᠠᠵᠤ᠂ ᠠᠵᠤ ᠠᠬᠤᠶᠢᠯᠠᠯ ᠤᠳ ᠥᠷᠭᠡᠨ ᠢᠶᠠᠷ ᠣᠷᠣᠯᠴᠠᠬᠰᠠᠨ ︽1 + N︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ᠂ ᠨᠡᠩ ᠣᠯᠠᠨ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠰᠢᠭᠤᠳ ᠣᠷᠣᠯᠴᠠᠭᠤᠯᠵᠤ᠂ ᠡᠷᠭᠢᠨ ᠲᠣᠭᠤᠷᠢᠨ ᠤ ᠮᠤᠵᠢ ᠣᠷᠣᠨ ᠯᠤᠭ᠎ᠠ ᠲᠣᠭᠲᠠᠭᠰᠠᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠬᠤᠷᠰᠢᠯᠴᠠᠭᠠᠨ ᠤ ᠬᠡᠯᠡᠯᠴᠡᠭᠡᠷ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠵᠢᠯᠴᠠᠨ ᠡᠯᠡᠰᠦ ᠶᠢ ᠵᠠᠰᠠᠬᠤ᠂ ᠡᠯᠡᠰᠦ ᠶᠢ ᠬᠠᠮᠢᠶᠠᠷᠬᠤ᠂ ᠡᠯᠡᠰᠦ ᠶᠢ ᠬᠡᠷᠡᠭᠯᠡᠬᠦ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号