ᠪᠠᠶᠠᠷ ᠬᠥᠷ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠦᠨ ᠥᠯᠵᠡᠶᠢᠲᠦ ᠡᠳᠦᠷ ᠤᠨ ᠪᠠᠶᠠᠷ ᠢ ᠪᠡᠯᠭᠡᠯᠡᠶ᠎ᠡ
ᠨᠡᠶᠢᠲᠡᠯᠡᠭᠰᠡᠨ ᠴᠠᠭ᠄
2024/2/22
     ᠪᠣᠯᠪᠠᠰᠤᠨ ᠡᠶ᠎ᠡ ᠵᠣᠬᠢᠴᠠᠩᠭᠤᠢ᠂ ᠪᠠᠶᠠᠷ ᠬᠥᠷ ᠲᠠᠢ᠂ ᠥᠭᠡᠳᠡᠯᠡᠨ ᠳᠠᠪᠰᠢᠬᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠴᠠᠭᠠᠨ ᠰᠠᠷ᠎ᠠ ᠶᠢᠨ ᠰᠢᠨ᠎ᠡ ᠶᠢᠨ ᠨᠠᠢᠮᠠᠨ᠂ ᠰᠢᠨ᠎ᠡ ᠶᠢᠨ ᠶᠢᠰᠦᠨ ᠳᠤ ︽ᠪᠠᠶᠠᠷ ᠬᠥᠷ ᠲᠠᠢ ᠴᠠᠭᠠᠨ ᠰᠠᠷ᠎ᠠ ᠶᠢᠨ ᠪᠠᠶᠠᠷ ᠢ ᠪᠡᠯᠭᠡᠯᠡᠶ᠎ᠡ︾ ᠭᠡᠬᠦ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠷᠨᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃          ᠲᠣᠭᠯᠠᠭᠴᠢᠳ ᠪᠣᠯᠣᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ︽ᠬᠤᠶᠠᠷ ᠬᠥᠮᠥᠨ ᠤ ᠲᠠᠶᠢᠰᠠᠨ ᠳᠠᠭᠤᠤ︾᠂ ᠱᠠᠨ ᠰᠢ ᠵᠦᠴᠦᠭᠡ ︽ᠲᠣᠮᠣ ᠣᠷᠳᠣᠨ ᠳᠤ ᠠᠪᠠᠷᠢᠬᠤ︾᠂ ᠳᠠᠭᠤᠤ ︽ᠲᠠᠪᠤᠨ ᠣᠳᠣᠲᠤ ᠤᠯᠠᠭᠠᠨ ᠲᠤᠭ ᠢ ᠨᠠᠮᠢᠷᠠᠭᠤᠯᠬᠤ︾᠂ ᠪᠥᠵᠢᠭ ︽ᠥᠯᠵᠡᠶᠢᠲᠦ ᠳᠥᠷᠪᠡᠨ ᠤᠯᠠᠷᠢᠯ︾᠂ ᠮᠣᠷᠢᠨ ᠬᠤᠭᠤᠷ ᠤᠨ ︽ᠲᠦᠮᠡᠨ ᠠᠭᠲᠠ ᠶᠢᠨ ᠲᠦᠪᠡᠷᠭᠡᠨ︾ ᠵᠡᠷᠭᠡ ᠭᠤᠶᠢᠳᠠ ᠰᠠᠶᠢᠬᠠᠨ ᠲᠣᠭᠯᠠᠯᠲᠠ ᠶᠢ ᠲᠣᠭᠯᠠᠵᠤ᠂ ᠦᠵᠡᠭᠴᠢᠳ ᠲᠤ ᠨᠢᠭᠡ ᠤᠳᠠᠭᠠᠨ ᠤ ᠭᠤᠶᠢᠳᠠ ᠰᠠᠶᠢᠬᠠᠨ ᠲᠣᠭᠯᠠᠯᠲᠠ ᠶᠢ ᠦᠵᠡᠭᠦᠯᠪᠡ᠃ ᠬᠡᠳᠦᠶᠢᠪᠡᠷ ᠬᠠᠬᠢᠷ ᠬᠦᠢᠲᠡᠨ ᠪᠠᠶᠢᠭᠰᠠᠨ ᠴᠤ ᠰᠠᠭᠤᠭᠠᠯᠢ ᠠᠷᠠᠳ ᠤᠨ ᠬᠠᠯᠠᠭᠤᠨ ᠰᠡᠳᠬᠢᠯᠭᠡ ᠥᠴᠥᠬᠡᠨ ᠴᠦ ᠰᠤᠯᠠᠷᠠᠭᠰᠠᠨ ᠦᠭᠡᠢ ᠪᠠᠶᠢᠵᠤ᠂ ᠲᠤᠬᠠᠢ ᠶᠢᠨ ᠲᠠᠯᠠᠪᠠᠢ ᠳᠤ ᠬᠥᠮᠥᠨ ᠬᠠᠷ᠎ᠠ ᠬᠤᠷᠠᠨ ᠴᠤᠭᠯᠠᠷᠠᠵᠤ᠂ ᠪᠠᠶᠠᠷᠯᠠᠨ ᠬᠠᠰᠬᠢᠷᠬᠤ ᠳᠠᠭᠤᠨ ᠨᠢᠵᠢᠭᠢᠨᠡᠪᠡ᠃
     ᠲᠣᠰ ᠤᠳᠠᠭᠠᠨ ᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠶᠢᠨ ᠠᠵᠢᠯᠯᠠᠭ᠎ᠠ ᠨᠢ ᠠᠷᠠᠳ ᠣᠯᠠᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠰᠣᠨᠢᠷᠬᠠᠭᠤᠯᠵᠤ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠥᠷᠭᠡᠨ ᠣᠯᠠᠨ ᠲᠦᠮᠡᠨ ᠳᠤ ᠰᠣᠶᠣᠯ ᠤᠨ ᠬᠥᠭᠵᠢᠯᠲᠡ ᠶᠢᠨ ᠡᠯᠪᠡᠭ ᠪᠠᠶᠠᠯᠢᠭ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠡᠢ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠵᠤ᠂ ᠨᠡᠶᠢᠭᠡᠮ ᠲᠣᠭᠤᠷᠢᠭ ᠤᠨ ᠨᠠᠩ ᠣᠯᠠᠨ ᠰᠠᠭᠤᠭᠠᠯᠢ ᠠᠷᠠᠳ ᠢ ᠣᠷᠣᠯᠴᠠᠭᠤᠯᠵᠤ᠂ ᠨᠡᠶᠢᠭᠡᠮ ᠲᠣᠭᠤᠷᠢᠭ ᠤᠨ ᠰᠣᠶᠣᠯ ᠤᠨ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠦᠨᠡᠨᠬᠦ ᠣᠯᠠᠨ ᠲᠦᠮᠡᠨ ᠤ ᠰᠡᠳᠬᠢᠯ ᠬᠠᠨᠤᠮᠵᠢᠲᠠᠶ ︽ᠰᠡᠳᠬᠢᠯ ᠢ ᠳᠤᠯᠠᠭᠠᠴᠠᠭᠤᠯᠬᠤ ᠢᠨᠵᠧᠨᠧᠷᠢᠩ︾ ᠪᠣᠯᠭᠠᠪᠠ᠃          ᠴᠠᠭᠠᠨ ᠰᠠᠷ᠎ᠠ ᠶᠢᠨ ᠠᠷᠪᠠᠨ ᠳᠥᠷᠪᠡᠨ᠂ ᠴᠠᠭᠠᠨ ᠰᠠᠷ᠎ᠠ ᠶᠢᠨ ᠠᠷᠪᠠᠨ ᠲᠠᠪᠤᠨ ᠤ ᠠᠷᠪᠠᠨ ᠴᠠᠭ ᠲᠤ᠂ ᠶᠡᠭᠡ ᠰᠤᠷᠭᠠᠭᠤᠯᠢ ᠶᠢᠨ ᠵᠡᠭᠦᠨ ᠵᠠᠮ ᠤᠨ ᠵᠡᠭᠡᠯᠢ ᠭᠤᠳᠤᠮᠵᠢ ᠶᠢᠨ ᠠᠷᠠᠳ ᠲᠤ ᠤᠷᠠᠨ ᠰᠠᠶᠢᠬᠠᠨ ᠤ ᠲᠣᠭᠯᠠᠯᠲᠠ ᠰᠠᠶᠢᠬᠠᠨ ᠲᠣᠭᠤᠷᠢᠭ ᠤᠨ ᡂᠢ ᠢᠦᠢ ᠵᠢᠵᠢᠭ ᠲᠠᠯᠠᠪᠠᠢ ᠳᠤ ᠲᠣᠭᠲᠠᠭᠰᠠᠨ ᠬᠤᠭᠤᠴᠠᠭᠠᠨ ᠳᠤ ᠶᠠᠪᠤᠭᠳᠠᠨ᠎ᠠ᠂ ᠥᠷᠭᠡᠨ ᠤᠯᠠᠨ ᠲᠦᠮᠡᠨ ᠤ ᠢᠷᠡᠵᠦ ᠰᠣᠨᠢᠷᠬᠠᠬᠤ ᠶᠢ ᠪᠠᠶᠠᠷᠯᠠᠨ ᠤᠭᠲᠤᠵᠤ᠂ ᠪᠢᠳᠡ ᠬᠠᠮᠲᠤᠪᠠᠷ ᠤᠷᠠᠯᠢᠭ ᠪᠠ ᠪᠠᠶᠠᠷ ᠬᠦᠷ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠦᠶ᠎ᠡ︕          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号