ᠰᠠᠶᠢᠬᠠᠨ ᠲᠣᠭᠤᠷᠢᠭ ᠤᠨ ᠠᠷᠠᠳ ᠤᠨ ᠵᠠᠮ ᠵᠡᠭᠡᠯᠢ ᠭᠤᠳᠤᠮᠵᠢ ᠠᠴᠠ ᠭᠤᠣᠯᠯᠠᠨ ᠡᠷᠭᠢᠯᠡᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠶᠢᠨ ᠳ᠋ᠢ ᠲᠠᠯᠠᠪᠠᠶ ᠳᠤ ᠶᠠᠪᠤᠭᠳᠠᠪᠠ
ᠨᠡᠶᠢᠲᠡᠯᠡᠭᠰᠡᠨ ᠴᠠᠭ᠄
2024/2/23
       ᠯᠤᠤ ᠵᠢᠯ ᠤᠨ ᠴᠠᠭᠠᠨ ᠰᠠᠷ᠎ᠠ - ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠣᠰ ᠪᠠᠶᠠᠰᠬᠤᠯᠠᠩᠲᠤ ᠴᠠᠭ ᠮᠥᠴᠡ ᠳᠤ᠂ 2 ᠰᠠᠷ᠎ᠠ ᠶᠢᠨ 18 ᠤ ᠡᠳᠦᠷ᠂ ᠰᠠᠶᠢᠬᠠᠨ ᠲᠣᠭᠤᠷᠢᠭ ᠤᠨ ᠠᠷᠠᠳ ᠤᠨ ᠵᠠᠮ ᠵᠡᠭᠡᠯᠢ ᠭᠤᠳᠤᠮᠵᠢ ᠠᠴᠠ ᠭᠤᠣᠯᠯᠠᠨ ᠡᠷᠭᠢᠯᠡᠭᠰᠡᠨ ︽︿ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ﹀ ᠤ ᠮᠥᠰᠥ ᠴᠠᠰᠤᠨ ᠤ ᠤᠷᠠᠨ ᠰᠠᠶᠢᠬᠠᠨ ᠤ ᠲᠣᠭᠯᠠᠯᠲᠠ ᠴᠠᠭᠠᠨ ᠰᠠᠷ᠎ᠠ ᠶᠢ ᠮᠠᠭᠲᠠᠨ ᠳᠠᠭᠤᠯᠠᠶ᠎ᠠ︾ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠴᠠᠭᠠᠨ ᠰᠠᠷ᠎ᠠ ᠶᠢᠨ ᠤᠷᠠᠨ ᠰᠠᠶᠢᠬᠠᠨ ᠤ ᠲᠣᠭᠯᠠᠯᠲᠠ ᠰᠠᠶᠢᠬᠠᠨ ᠲᠣᠭᠤᠷᠢᠭ ᠤᠨ ᠶᠢᠨ ᠳ᠋ᠢ ᠲᠠᠯᠠᠪᠠᠶ ᠳᠤ ᠶᠠᠪᠤᠭᠳᠠᠵᠤ᠂ ᠬᠠᠷᠢᠶᠠᠲᠤ ᠣᠷᠣᠨ ᠤ ᠣᠯᠠᠨ ᠲᠦᠮᠡᠨ ᠲᠠᠢ ᠬᠠᠮᠲᠤ ᠪᠠᠷ ᠴᠠᠭᠠᠨ ᠰᠠᠷ᠎ᠠ ᠶᠢᠨ ᠪᠠᠶᠠᠷ ᠪᠠᠭ᠋ᠠᠳᠤᠯ ᠢ ᠮᠠᠭᠲᠠᠨ ᠳᠠᠭᠤᠯᠠᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠲᠠᠮᠢᠷᠴᠢᠳ ᠲᠤ ᠡᠷᠴᠢ ᠵᠣᠷᠢᠭ ᠢᠶᠠᠨ ᠬᠥᠪᠴᠢᠯᠡᠪᠡ᠃
     ᠤᠷᠠᠨ ᠰᠠᠶᠢᠬᠠᠨ ᠤ ᠲᠣᠭᠯᠠᠯᠲᠠ ᠨᠢ ᠬᠦᠷ ᠬᠥᠭᠵᠢᠶᠡᠨ ᠲᠠᠢ ᠶᠠᠩᠭᠠᠷ ᠪᠥᠵᠢᠭ ᠤᠨ ᠲᠣᠭᠯᠠᠯᠲᠠ ᠳᠤᠮᠳᠠ ᠬᠥᠰᠢᠭᠡ ᠪᠠᠨ ᠰᠡᠬᠦᠵᠦ᠂ ᠲᠣᠭᠯᠠᠯᠲᠠ ᠶᠢᠨ ᠠᠭᠤᠯᠭ᠎ᠠ ᠨᠢ ᠪᠥᠵᠢᠭ᠂ ᠳᠠᠭᠤᠤ᠂ ᠬᠥᠭᠵᠢᠮᠴᠢᠨ ᠤ ᠲᠣᠭᠯᠠᠯᠲᠠ ᠵᠡᠷᠭᠡ ᠤᠯᠠᠨ ᠵᠦᠢᠯ ᠤᠨ ᠤᠷᠠᠨ ᠰᠠᠶᠢᠬᠠᠨ ᠤ ᠬᠡᠯᠪᠡᠷᠢ ᠶᠢ ᠬᠠᠮᠤᠷᠴᠤ᠂ ᠨᠠᠶᠢᠷᠠᠯ ᠳᠠᠭᠤᠤ ︽ᠡᠬᠡ ᠤᠯᠤᠰ ᠢᠶᠠᠨ ᠢᠷᠦᠭᠡᠶ᠎ᠡ︾᠂ ᠪᠥᠵᠢᠭ ︽ᠡᠬᠢᠯᠡᠯᠲᠡ ᠶᠢᠨ ᠠᠮᠵᠢᠯᠲᠠ︾᠂ ᠪᠣᠳᠠᠰ ᠤᠨ ᠪᠤᠰᠤ ᠰᠣᠶᠣᠯ ᠤᠨ ᠥᠪ ᠤᠨ ᠳᠥᠷᠪᠡᠨ ᠤᠲᠠᠰᠤᠲᠤ ᠬᠤᠭᠤᠷ ᠤᠨ ᠬᠥᠭᠵᠢᠮ ︽ᠬᠤᠷᠴᠢᠨ ᠤ ᠰᠣᠩᠭᠤᠳᠠᠭ ᠠᠷᠠᠳ ᠤᠨ ᠳᠠᠭᠤᠤ ᠭᠤᠷᠪᠠᠨ ᠳᠠᠭᠤᠤ︾᠂ ᠮᠣᠩᠭᠤᠯ ᠦᠨᠳᠦᠰᠦᠲᠡᠨ ᠤ ᠳᠠᠭᠤᠤ ᠪᠥᠵᠢᠭ ᠤᠨ ᠲᠣᠭᠯᠠᠯᠲᠠ ︽ᠥᠪᠥᠷ ᠮᠣᠩᠭᠤᠯ ᠢᠶᠠᠨ ᠮᠠᠭᠲᠠᠨ ᠳᠠᠭᠤᠯᠠᠶ᠎ᠠ︾ ᠵᠡᠷᠭᠡ ᠲᠣᠭᠯᠠᠯᠲᠠ ᠨᠢ ᠲᠠᠰᠤᠷᠠᠯᠳᠠ ᠦᠭᠡᠢ ᠶᠠᠪᠤᠭᠳᠠᠵᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠶᠡᠷᠦ ᠪᠤᠰᠤ ᠶᠢᠨ ᠬᠦᠷ ᠬᠥᠭᠵᠢᠶᠡᠨ ᠲᠠᠢ ᠪᠠᠶᠢᠯ᠎ᠠ᠃
   ᠣᠶᠢᠯᠠᠭᠠᠭᠰᠠᠨ ᠢᠶᠠᠷ᠂ ᠲᠣᠰ ᠤᠳᠠᠭᠠᠨ ᠤ ᠲᠣᠭᠯᠠᠯᠲᠠ ᠳᠤ ᠣᠷᠣᠯᠴᠠᠭᠰᠠᠨ ᠲᠣᠭᠯᠠᠭᠴᠢ ᠪᠣᠯ ᠴᠥᠮ ᠬᠠᠷᠢᠶᠠᠲᠤ ᠣᠷᠣᠨ ᠤ ᠡᠯ᠎ᠡ ᠨᠡᠶᠢᠭᠡᠮ ᠲᠣᠭᠤᠷᠢᠭ ᠤᠨ ᠤᠷᠠᠨ ᠰᠠᠶᠢᠬᠠᠨ ᠤ ᠰᠠᠶᠢᠨ ᠳᠤᠷ᠎ᠠ ᠶᠢᠨ ᠠᠵᠢᠯᠯᠠᠭᠴᠢ ᠮᠥᠨ᠂ ᠲᠣᠭᠯᠠᠯᠲᠠ ᠶᠢᠨ ᠠᠩᠭᠢ ᠶᠢᠨ ᠭᠡᠰᠢᠭᠦᠳ ᠤᠨ ᠥᠩᠭᠡ ᠢᠯᠭᠠᠷᠠᠭᠰᠠᠨ ᠬᠤᠪᠴᠠᠰᠤ ᠵᠠᠰᠠᠯ ᠤᠨ ᠲᠠᠪᠴᠠᠩ ᠳᠡᠭᠡᠷ᠎ᠡ ᠰᠡᠳᠬᠢᠯ ᠳᠣᠭᠳᠣᠯᠤᠨ ᠲᠣᠭᠯᠠᠯᠲᠠ ᠭᠠᠷᠭᠠᠭᠰᠠᠨ ᠪᠣᠯᠪᠠᠴᠤ᠂ ᠬᠡᠳᠦᠶᠢᠪᠡᠷ ᠬᠠᠬᠢᠷ ᠬᠦᠢᠲᠡᠨ ᠪᠣᠯᠪᠠᠴᠤ ᠲᠡᠳᠡ ᠮᠥᠨ ᠯᠡ ᠬᠠᠯᠠᠭᠤᠨ ᠰᠡᠳᠬᠢᠯᠭᠡ ᠪᠠᠷ ᠲᠣᠭᠯᠠᠯᠲᠠ ᠪᠠᠨ ᠥᠷᠭᠡᠨ ᠣᠯᠠᠨ ᠲᠦᠮᠡᠨ ᠳᠤ ᠵᠣᠷᠢᠭᠤᠯᠵᠤ᠂ ᠲᠤᠬᠠᠢ ᠶᠢᠨ ᠲᠠᠯᠠᠪᠠᠶ ᠶᠢᠨ ᠦᠵᠡᠭᠴᠢᠳ ᠲᠤ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠡᠳ᠋ᠯᠡᠭᠦᠯᠵᠦ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃
    ᠲᠣᠰ ᠤᠳᠠᠭᠠᠨ ᠤ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠨᠢ ᠪᠠᠶᠠᠷ ᠤᠨ ᠡᠳᠦᠷ ᠤᠨ ᠰᠣᠶᠣᠯ ᠤᠨ ᠠᠭᠤᠷ ᠠᠮᠢᠰᠬᠤᠯ ᠢ ᠪᠣᠶ ᠪᠣᠯᠭᠠᠭᠰᠠᠨ ᠢᠶᠠᠷ ᠪᠠᠷᠠᠬᠤ ᠦᠭᠡᠢ᠂ ᠨᠠᠩ ᠴᠤ ᠰᠠᠶᠢᠬᠠᠨ ᠲᠣᠭᠤᠷᠢᠭ ᠤᠨ ᠬᠡᠪ ᠵᠠᠩᠰᠢᠯ᠂ ᠰᠣᠶᠣᠯ ᠤᠨ ᠷᠢᠳᠢ ᠰᠢᠳᠢ ᠶᠢ ᠪᠥᠬᠦ ᠲᠠᠯ᠎ᠠ ᠪᠠᠷ ᠳᠡᠯᠭᠡᠨ ᠦᠵᠡᠭᠦᠯᠦᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠢᠨ ᠤᠯᠠᠨ ᠡᠰᠢᠲᠦ ᠰᠣᠶᠣᠯ ᠤᠨ ᠠᠵᠢᠯᠯᠠᠭ᠎ᠠ ᠶᠢ ᠦᠷᠭᠦᠯᠵᠢᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠨᠡᠩ ᠤᠯᠠᠨ ᠲᠠᠪᠴᠠᠩ ᠢ ᠪᠠᠶᠢᠭᠤᠯᠵᠤ᠂ ᠢᠳᠡᠪᠬᠢᠲᠡᠢ ᠡᠷᠡᠭᠦᠯ ᠴᠢᠭᠢᠷᠠᠭ᠂ ᠦᠵᠡᠵᠦ ᠰᠣᠨᠢᠷᠬᠠᠬᠤ ᠳᠤᠷᠠᠲᠠᠢ ᠤᠷᠠᠨ ᠰᠠᠶᠢᠬᠠᠨ ᠤ ᠲᠣᠭᠯᠠᠯᠲᠠ ᠶᠢ ᠠᠷᠠᠳ ᠤᠯᠠᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃         ᠲᠣᠰ ᠤᠳᠠᠭᠠᠨ ᠤ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠨᠢ 2 ᠰᠠᠷ᠎ᠠ ᠶᠢᠨ 24 ᠤ ᠡᠳᠦᠷ ᠪᠣᠯᠲᠠᠯ᠎ᠠ ᠦᠷᠭᠦᠯᠵᠢᠯᠡᠵᠦ᠂ ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠪᠣᠯᠣᠨ ᠵᠤᠭᠠᠴᠠᠭᠰᠠᠳ ᠨᠠᠶᠢᠵᠠ ᠨᠠᠷ ᠤᠨ ᠬᠦᠷᠴᠦ ᠰᠣᠨᠢᠷᠬᠠᠬᠤ ᠶᠢ ᠪᠠᠶᠠᠷᠯᠠᠨ ᠤᠭᠲᠤᠵᠤ᠂ ᠰᠠᠶᠢᠬᠠᠨ ᠲᠣᠭᠤᠷᠢᠭ ᠤᠨ ᠥᠪᠡᠷᠮᠢᠴᠡ ︽ᠵᠢᠯ ᠤᠨ ᠦᠨᠦᠷ ᠠᠮᠲᠠ︾ ᠶᠢ ᠣᠶᠢᠯᠠᠭᠠᠬᠤ ᠶᠢ ᠪᠠᠶᠠᠷᠯᠠᠨ ᠤᠭᠲᠤᠨ᠎ᠠ᠃    ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号