ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠦᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠯᠵᠡᠶᠢᠲᠦ ᠡᠳᠦᠷ  ᠤᠨ ᠡᠮᠦᠨᠡᠬᠢ ᠢᠳᠡᠭᠡᠨ ᠤ ᠠᠮᠤᠷ ᠲᠦᠪᠱᠢᠨ ᠤ ᠬᠢᠨᠠᠯᠲᠠ ᠪᠠᠶᠢᠴᠠᠭᠠᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/2/23
     ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠬᠦᠷᠴᠦ ᠢᠷᠡᠬᠦ ᠲᠠᠰᠢᠷᠠᠮ ᠳᠤ᠂ ᠠᠷᠠᠳ ᠣᠯᠠᠨ ᠤ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠷᠠᠳ ᠣᠯᠠᠨ ᠤ ᠠᠮᠤᠷ ᠲᠦᠪᠰᠢᠨ ᠴᠠᠭᠠᠨ ᠰᠠᠷ᠎ᠠ ᠶᠢᠨ ᠠᠷᠪᠠᠨ ᠲᠠᠪᠤᠨ ᠤ ᠡᠳᠦᠷ ᠢ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠯᠵᠡᠶᠢᠲᠦ ᠡᠳᠦᠷ ᠤᠨ ᠪᠠᠶᠠᠷ ᠠᠴᠠ ᠡᠮᠦᠨᠡᠬᠢ ᠢᠳᠡᠭᠡᠨ ᠤ ᠠᠮᠤᠷ ᠲᠦᠪᠰᠢᠨ ᠤ ᠬᠢᠨᠠᠯᠲᠠ ᠪᠠᠶᠢᠴᠠᠭᠠᠯᠲᠠ ᠶᠢᠨ ᠠᠵᠢᠯ ᠢ ᠥᠷᠨᠢᠭᠦᠯᠪᠡ᠃             ᠲᠣᠰ ᠤᠳᠠᠭ᠎ᠠ ᠲᠠᠩ ᠶᠤᠸᠠᠨ᠂ ᠮᠢᠬ᠎ᠠ ᠵᠢᠴᠢ ᠮᠢᠬᠠᠨ ᠤ ᠪᠦᠲᠦᠭᠡᠭᠳᠡᠬᠦᠨ᠂ ᠠᠷᠢᠬᠢᠨ ᠤ ᠵᠦᠢᠯ᠂ ᠪᠤᠳᠠᠭ᠎ᠠ᠂ ᠢᠳᠡᠭᠡᠨ ᠤ ᠲᠣᠰᠣ᠂ ᠥᠨᠳᠡᠭᠡ ᠶᠢᠨ ᠲᠥᠷᠥᠯ᠂ ᠰᠦ ᠶᠢᠨ ᠲᠥᠷᠥᠯ᠂ ᠡᠷᠡᠭᠦᠯᠵᠢᠯ ᠤᠨ ᠢᠳᠡᠭᠡᠨ ᠵᠡᠷᠭᠡ ᠪᠠᠷ ᠭᠤᠣᠯᠳᠠᠯᠭ᠎ᠠ ᠲᠠᠢ ᠣᠷᠣᠨ ᠪᠦᠰᠡ ᠶᠢ ᠪᠠᠶᠢᠴᠠᠭᠠᠵᠤ᠂ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠪᠠᠷ ᠭᠤᠣᠯᠳᠠᠯᠭ᠎ᠠ ᠲᠠᠢ ᠣᠷᠣᠨ ᠪᠦᠰᠡ ᠶᠢ ᠪᠠᠶᠢᠴᠠᠭᠠᠵᠤ᠂ ᠬᠠᠤᠯᠢ ᠬᠡᠷᠡᠭᠵᠢᠭᠦᠯᠬᠦ ᠠᠵᠢᠯᠲᠠᠨ ᠡᠵᠡᠩᠨᠡᠭᠴᠢ ᠶᠢᠨ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠦᠨ᠎ᠡ ᠬᠠᠩᠰᠢ ᠶᠢ ᠲᠣᠳᠣᠷᠬᠠᠢ ᠲᠡᠮᠳᠡᠭᠯᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠳᠤ ᠪᠠᠶᠢᠴᠠᠭᠠᠯᠲᠠ ᠬᠢᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠬᠡᠷᠡᠭᠯᠡᠭᠴᠢᠳ ᠲᠤ ᠪᠠᠶᠠᠷ ᠤᠨ ᠡᠳᠦᠷ ᠤᠨ ᠢᠳᠡᠭᠡᠨ ᠢ ᠬᠤᠳᠠᠯᠳᠤᠨ ᠠᠪᠬᠤ ᠳᠠᠭᠠᠨ ᠡᠷᠬᠡᠪᠰᠢ ᠵᠢᠩᠬᠢᠨᠢ ᠬᠤᠳᠠᠯᠳᠤᠭᠠᠨ ᠤ ᠬᠡᠲᠦ ᠳᠡᠯᠭᠡᠭᠦᠷ ᠲᠤ ᠬᠦᠷᠴᠦ᠂ ᠬᠤᠳᠠᠯᠳᠤᠨ ᠠᠪᠬᠤ ᠳᠠᠭᠠᠨ ᠡᠷᠬᠡᠪᠰᠢ ᠶᠠᠰᠤ ᠴᠢᠨᠠᠷ ᠤᠨ ᠲᠤᠬᠠᠢ ᠡᠳᠦᠷ ᠬᠤᠭᠤᠴᠠᠭ᠎ᠠ ᠪᠠ ᠬᠤᠯᠪᠣᠭᠳᠠᠯ ᠪᠦᠬᠦᠢ ᠦᠢᠯᠡᠳᠪᠦᠷᠢ ᠶᠢᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠤᠳᠠᠯᠳᠤᠨ ᠠᠪᠬᠤ ᠳᠠᠭᠠᠨ ᠪᠠᠷᠠᠭ᠎ᠠ ᠬᠤᠳᠠᠯᠳᠤᠨ ᠠᠪᠬᠤ ᠫᠢᠶᠣᠣ ᠪᠠᠷᠢᠮᠲᠠ ᠶᠢᠨ ᠭᠡᠷᠡᠴᠢ ᠪᠠᠷᠢᠮᠲᠠ ᠶᠢ ᠦᠯᠡᠳᠡᠭᠡᠬᠦ ᠶᠢ ᠠᠩᠬᠠᠷᠴᠤ᠂ ᠬᠤᠳᠠᠯᠳᠤᠨ ᠠᠪᠬᠤ ᠦᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ 12315 ᠪᠤᠶᠤ 12345 ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠵᠠᠭᠠᠯᠳᠤᠯᠭ᠎ᠠ ᠭᠠᠷᠭᠠᠪᠠ᠃              ᠵᠠᠯᠭᠠᠭᠠᠳ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠯᠵᠡᠶᠢᠲᠦ ᠡᠳᠦᠷ ᠤᠨ ᠬᠤᠭᠤᠴᠠᠭᠠᠨ ᠳᠠᠬᠢ ᠢᠳᠡᠭᠡᠨ ᠤ ᠠᠮᠤᠷ ᠲᠦᠪᠰᠢᠨ ᠤ ᠲᠤᠰᠬᠠᠢ ᠬᠢᠨᠠᠯᠲᠠ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠵᠦ᠂ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠴᠢᠩᠭ᠎ᠠ ᠰᠡᠷᠭᠡᠶᠢᠯᠡᠵᠦ᠂ ᠢᠳᠡᠭᠡᠨ ᠤ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠠᠷᠠᠳ ᠣᠯᠠᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠵᠤ᠂ ᠰᠠᠨᠠᠭ᠎ᠠ ᠠᠮᠤᠷ ᠠᠮᠤᠷ ᠲᠦᠪᠰᠢᠨ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号