ᠰᠠᠶᠢᠬᠠᠨ ᠲᠣᠭᠤᠷᠢᠭ᠄ ᠬᠠᠷᠠᠯᠲᠠ ᠪᠠᠨ ᠲᠣᠭᠲᠠᠭᠠᠵᠤ᠂ ᠱᠠᠯᠠᠪᠳᠠᠨ ᠲᠦᠷᠭᠡᠨ ᠠᠵᠢᠯᠯᠠᠵᠤ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/2/26
     ᠬᠠᠷᠠᠯᠲᠠ ᠪᠠᠨ ᠲᠣᠭᠲᠠᠭᠠᠵᠤ᠂ ᠲᠦᠷᠭᠡᠨ ᠠᠵᠢᠯᠯᠠᠬᠤ ᠶᠢ ᠴᠢᠩᠭ᠎ᠠ ᠠᠳᠬᠤᠨ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠪᠠᠷ ︽ᠵᠢᠷᠭᠤᠭᠠᠨ ᠢᠨᠵᠧᠨᠧᠷᠢᠩ︾ ᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ - ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠰᠤᠷᠪᠤᠯᠵᠢᠯᠠᠪᠠ
     ︽ᠵᠢᠷᠭᠤᠭᠠᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ᠬᠤᠲᠠ ᠶᠢᠨ ᠨᠠᠮ ᠤᠨ ᠬᠤᠷᠢᠶ᠎ᠠ ᠲᠡᠷᠡ ᠳᠠᠷᠤᠢ ᠳᠤᠨᠢ ᠠᠵᠢᠯ ᠢ ᠠᠬᠢᠭᠤᠯᠬᠤ ᠶᠡᠭᠡ ᠬᠤᠷᠠᠯ ᠬᠤᠷᠠᠯᠳᠤᠭᠤᠯᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠳᠠᠭᠠᠷᠢᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠪᠥᠬᠦ ᠲᠠᠯ᠎ᠠ ᠪᠠᠷ ᠨᠠᠷᠢᠨ ᠨᠢᠮᠪᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠰᠠᠶᠢᠬᠠᠨ ᠲᠣᠭᠤᠷᠢᠭ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢᠶᠠᠷ︽ᠵᠢᠷᠭᠤᠭᠠᠨ ᠢᠨᠵᠧᠨᠧᠷᠢᠩ︾ ᠢ ᠪᠣᠳᠠᠲᠠᠢ ᠠᠳᠬᠤᠵᠤ᠂ ᠦᠷ᠎ᠡ ᠪᠦᠲᠦᠮᠵᠢ ᠭᠠᠷᠭᠠᠨ᠎ᠠ ᠭᠡᠪᠡ᠃ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠤᠤᠵᠢ᠂ ᠲᠣᠭᠤᠷᠢᠭ ᠤᠨ ᠳᠠᠷᠤᠭ᠎ᠠ ᠯᠢ ᠢᠦᠢ ᠴᠢᠨ ᠰᠤᠷᠪᠤᠯᠵᠢᠯᠠᠭᠴᠢ ᠰᠣᠷᠪᠤᠯᠵᠢᠯᠠᠭ᠎ᠠ ᠬᠦᠯᠢᠶᠡᠬᠦ ᠳᠤ ᠪᠠᠨ᠃            ᠨᠢᠭᠡ ᠳᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠠᠪᠳᠤᠨ ᠠᠳᠬᠤᠨ᠎ᠠ᠃ ︽ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ︾ ᠬᠤᠶᠠᠷ ᠶᠡᠭᠡ ᠲᠥᠷᠥ ᠶᠢᠨ ᠪᠣᠳᠣᠯᠭ᠎ᠠ ᠶᠢᠨ ᠳᠠᠪᠬᠤᠴᠠᠯ ᠤᠨ ᠳᠠᠪᠠᠭᠤᠯᠢᠭ ᠢ ᠴᠢᠩᠭ᠎ᠠ ᠡᠵᠡᠮᠳᠡᠵᠦ᠂ ᠰᠢᠨ᠎ᠡ ᠨᠢᠭᠡ ᠡᠭᠡᠯᠵᠢ ᠶᠢᠨ ᠲᠡᠦᠬᠡ ᠶᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ︽ᠣᠷᠣᠨ ᠤ ᠳᠣᠲᠣᠷ᠎ᠠ ᠳᠠᠬᠢᠨ ᠣᠷᠣᠨ ᠳᠠᠪᠰᠢᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠪᠣᠯᠬᠤ ᠪᠠᠷ ᠴᠢᠷᠮᠠᠶᠢᠬᠤ︾ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠣᠭᠲᠠᠭᠠᠵᠤ᠂ 7 ᠲᠠᠯ᠎ᠠ ᠶᠢᠨ 85 ᠵᠦᠢᠯ ᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ ᠲᠤᠰᠬᠠᠢ ᠠᠩᠭᠢ ᠪᠠᠶᠢᠭᠤᠯᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠬᠡᠷᠡᠭᠵᠢᠭᠦᠯᠵᠦ ᠪᠣᠯᠬᠤ᠂ ᠨᠠᠶᠢᠳᠠᠪᠤᠷᠢᠵᠢᠭᠤᠯᠵᠤ ᠪᠣᠯᠬᠤ᠂ ᠰᠢᠨ᠎ᠡ ᠶᠢ ᠡᠭᠦᠳᠴᠦ ᠳᠡᠶᠢᠯᠬᠦ᠂ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ᠃          ᠬᠤᠶᠠᠷ ᠲᠤ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠥᠨᠳᠥᠷ ᠪᠠᠷᠢᠮᠵᠢᠶ᠎ᠠ ᠪᠠᠷ ᠰᠠᠶᠢᠲᠤᠷ ᠨᠠᠶᠢᠳᠠᠪᠤᠷᠢᠵᠢᠭᠤᠯᠤᠨ᠎ᠠ᠃ ᠳᠤᠯᠠᠭᠠᠯᠠᠭ᠎ᠠ ᠶᠢ ᠵᠣᠭᠰᠣᠭᠠᠪᠠᠯ ᠳᠠᠷᠤᠢ ᠠᠵᠢᠯ ᠡᠬᠢᠯᠡᠭᠦᠯᠵᠦ᠂ ᠬᠤᠭᠤᠯᠠᠢ ᠶᠢᠨ ᠲᠣᠣᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ ᠲᠠᠰ ᠳᠡᠪᠰᠢᠭᠦᠯᠦᠨ ᠥᠭᠡᠷᠡᠴᠢᠯᠡᠬᠦ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ᠢᠯᠴᠢ ᠬᠠᠩᠭᠠᠬᠤ ᠶᠢ ᠣᠶᠤᠨᠴᠢᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠢᠯᠴᠢ ᠶᠢᠨ ᠢᠷᠡᠯᠲᠡ ᠶᠢᠨ ᠪᠠᠲᠤᠯᠠᠭ᠎ᠠ ᠶᠢ ᠴᠢᠩᠭᠠᠳᠬᠠᠨ᠎ᠠ︔ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠢᠨᠵᠧᠨᠧᠷᠢᠩ ᠢ ᠵᠡᠷᠭᠡ ᠳᠤᠨᠢ ᠬᠡᠷᠡᠭᠵᠢᠭᠦᠯᠦᠨ᠎ᠡ᠃ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠲᠠᠢ ᠤᠶᠠᠯᠳᠤᠭᠤᠯᠤᠨ᠂ 820 ᠺᠢᠯᠣᠮᠧᠲᠷ ᠤᠨ ᠬᠤᠶᠠᠳᠤᠭᠠᠷ ᠤᠳᠠᠭᠠᠨ ᠤ ᠬᠤᠭᠤᠯᠠᠢ ᠶᠢᠨ ᠲᠣᠣᠷ᠂ 178 ᠢᠯᠴᠢ ᠰᠣᠯᠢᠯᠴᠠᠬᠤ ᠥᠷᠲᠡᠭᠡ᠂ 506 ︽ᠲᠣᠮᠣ ᠬᠤᠯᠪᠣᠭᠠᠯᠠᠬᠤ︾ ᠵᠢᠵᠢᠭ ᠲᠣᠭᠤᠷᠢᠭ ᠤᠨ ᠥᠭᠡᠷᠡᠴᠢᠯᠡᠬᠦ ᠢᠨᠵᠧᠨᠧᠷᠢᠩ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ 4500 ᠡᠷᠦᠬᠡ ᠶᠢᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠴᠡᠭᠴᠡᠯᠡᠨ ᠵᠠᠰᠠᠬᠤ ᠢᠨᠵᠧᠨᠧᠷᠢᠩ ᠪᠣᠯᠣᠨ ᠬᠤᠲᠠ ᠶᠢᠨ ᠲᠣᠭᠤᠷᠢᠭ ᠤᠨ 20 ᠲᠦᠯᠡᠰᠢᠨ ᠨᠡᠭᠦᠷᠡᠰᠦ ᠪᠠᠷ ᠢᠯᠴᠢ ᠬᠠᠩᠭᠠᠬᠤ ᠵᠤᠤᠬ᠎ᠠ ᠶᠢᠨ ᠠᠷᠢᠭᠤᠨ ᠴᠡᠪᠡᠷ ᠢᠯᠴᠢ ᠶᠢᠨ ᠢᠷᠡᠯᠲᠡ ᠶᠢ ᠣᠷᠣᠯᠠᠭᠤᠯᠬᠤ ᠵᠢᠴᠢ ᠨᠤᠷᠠᠭᠠᠵᠤ ᠨᠡᠶᠢᠯᠡᠭᠦᠯᠬᠦ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠢᠯᠴᠢ ᠬᠠᠩᠭᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠣᠭᠲᠠᠴᠠ ᠶᠢ ᠰᠢᠯᠤᠭᠤᠳᠬᠠᠨ ᠲᠡᠭᠦᠯᠳᠡᠷᠵᠢᠭᠦᠯᠵᠦ᠂ ᠢᠯᠴᠢ ᠬᠠᠩᠭᠠᠬᠤ ᠶᠠᠰᠤ ᠴᠢᠨᠠᠷ  ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃                  ᠭᠤᠷᠪᠠ ᠳᠤ᠂ ᠬᠠᠤᠯᠢ ᠪᠠᠷ ᠵᠠᠰᠠᠬᠤ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠨᠢᠳᠤᠨᠤᠨ ᠤ ᠬᠠᠤᠯᠢᠵᠢᠯ ᠤᠨ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠰᠠᠭᠤᠷᠢ ᠳᠠᠪᠠᠭᠤᠯᠢᠭ ᠲᠤ ᠲᠦᠰᠢᠭᠯᠡᠨ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠬᠦᠴᠦᠲᠡᠢ ᠭᠠᠷᠳᠠᠴᠠ ᠪᠣᠯᠭᠠᠵᠤ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠵᠤ᠂ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠦᠢᠯᠡᠴᠢᠯᠡᠭᠡ ᠶᠢ ᠪᠠᠲᠤᠯᠠᠬᠤ ᠶᠠᠪᠤᠴᠠ ᠶᠢ ᠦᠨᠳᠦᠰᠦᠯᠡᠭᠦᠯᠬᠦ ᠬᠠᠤᠯᠢ ᠲᠠᠢ᠂ ᠵᠢᠷᠤᠮᠯᠠᠬᠤ ᠠᠴᠠ ᠬᠠᠤᠯᠢ ᠲᠠᠢ ᠪᠣᠯᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢᠵᠢᠯ ᠤᠨ ᠬᠠᠯᠬᠠᠪᠴᠢ ᠶᠢ ᠦᠨᠡᠨᠬᠦ ᠪᠠᠬᠢᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃          ᠳᠥᠷᠪᠡ ᠳᠤ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠡᠨᠧᠷᠭᠢ ᠶᠢᠨ ᠲᠤᠨᠤᠭ ᠲᠥᠬᠦᠭᠡᠷᠦᠮᠵᠢ ᠶᠢ ᠦᠢᠯᠡᠳᠬᠦ ᠪᠠ ᠨᠣᠭᠤᠭᠠᠨ ᠴᠠᠬᠢᠯᠭᠠᠨ ᠢ ᠰᠢᠩᠭᠡᠭᠡᠬᠦ ᠠᠵᠢᠯ ᠢ ᠰᠠᠶᠢᠲᠤᠷ ᠬᠢᠨ᠎ᠡ᠃ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠣᠷᠣᠨ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ︽ᠬᠤᠶᠠᠷ ᠬᠦᠷᠢᠶᠡᠯᠡᠩ ᠲᠣᠭᠤᠷᠢᠭ︾ ᠤᠨ ᠠᠵᠤ ᠦᠢᠯᠡᠰ ᠤᠨ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠳᠠᠩ ᠨᠡᠭᠦᠷᠡᠰᠦᠵᠢᠭᠦᠯᠬᠦ ᠥᠭᠡᠷᠡᠴᠢᠯᠡᠯᠲᠡ ᠶᠢᠨ ᠲᠥᠷᠥᠯ ᠵᠦᠢᠯ᠂ ᠵᠥᠩ ᠬᠤᠸᠠᠨ ᠠᠵᠤ ᠦᠢᠯᠡᠰ ᠤᠨ ᠬᠦᠷᠢᠶᠡᠯᠡᠩ ᠤᠨ ᠨᠣᠭᠤᠭᠠᠨ ᠴᠠᠬᠢᠯᠭᠠᠨ ᠢ ᠣᠷᠣᠯᠠᠭᠤᠯᠬᠤ ᠲᠥᠷᠥᠯ ᠵᠦᠢᠯ᠂ ᠴᠤᠸᠠᠩ ᠶᠤᠸᠠᠨ ᠠᠵᠤ ᠦᠢᠯᠡᠰ ᠤᠨ ᠬᠦᠷᠢᠶᠡᠯᠡᠩ ᠤᠨ ᠢᠷᠡᠯᠲᠡ ᠶᠢᠨ ᠲᠣᠣᠷ ᠴᠡᠨᠡᠭ ᠨᠥᠭᠡᠴᠡᠯᠡᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ᠂ ᠤᠮᠠᠷᠠᠲᠤ ᠶᠢᠨ ᠬᠤᠯᠪᠣᠭᠠᠲᠤ ᠵᠢᠨᠴᠢᠶᠣᠣ ᠴᠠᠬᠢᠯᠭᠠᠨ ᠦᠢᠯᠡᠳᠪᠦᠷᠢ ᠶᠢᠨ ᠠᠮᠢᠳᠤᠯᠢᠭ ᠥᠭᠡᠷᠡᠴᠢᠯᠡᠯᠲᠡ ᠵᠡᠷᠭᠡ ᠲᠥᠷᠥᠯ ᠵᠦᠢᠯ ᠢ ᠢᠳᠡᠪᠬᠢᠲᠡᠢ ᠬᠡᠷᠡᠭᠵᠢᠭᠦᠯᠦᠨ᠎ᠡ᠃ ᠥᠩᠭᠡ ᠦᠵᠡᠮᠵᠢ ᠶᠢ ᠨᠢᠭᠡ ᠴᠣᠭᠴᠠᠵᠢᠭᠤᠯᠬᠤ ᠣᠶᠤᠨᠲᠤ ᠨᠡᠭᠦᠷᠡᠰᠦᠲᠥ᠋ᠷᠥᠭᠴᠢ ᠦᠭᠡᠢ ᠴᠠᠬᠢᠯᠭᠠᠨ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ᠂ ᠪᠣᠬᠢᠷᠲᠤᠯ ᠦᠭᠡᠢ ᠴᠠᠬᠢᠯᠭᠠᠨ ᠢ ᠵᠠᠬ᠎ᠠ ᠳᠡᠯᠭᠡᠭᠦᠷᠴᠢᠯᠡᠨ ᠰᠢᠩᠭᠡᠭᠡᠬᠦ᠂ ᠪᠣᠬᠢᠷᠲᠤᠯ ᠦᠭᠡᠢ ᠴᠠᠬᠢᠯᠭᠠᠨ ᠨᠣᠭᠤᠭᠠᠨ ᠦᠨᠡᠮᠯᠡᠯ ᠤᠨ ᠠᠷᠠᠯᠵᠢᠶ᠎ᠠ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠵᠡᠷᠭᠡ ᠶᠢ ᠲᠦᠯᠬᠢᠨ ᠠᠬᠢᠭᠤᠯᠬᠤ ᠶᠢᠨ ᠬᠠᠮᠲᠤ ᠡᠨᠧᠷᠭᠢ ᠶᠢᠨ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠲᠠᠢ ᠢᠳᠡᠪᠬᠢᠲᠡᠢ ᠵᠣᠯᠭᠠᠭᠤᠯᠤᠨ ᠶᠡᠷᠦᠩᠬᠡᠢ ᠬᠡᠯᠲᠡᠰ ᠪᠠᠶᠢᠭᠤᠯᠵᠤ᠂ ᠣᠷᠴᠢᠨ ᠲᠣᠭᠤᠷᠢᠨ ᠤ ᠵᠠᠰᠠᠯᠲᠠ ᠶᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠯᠦᠭᠡ ᠬᠠᠷᠢᠯᠴᠠᠨ ᠤᠶᠠᠯᠳᠤᠭᠤᠯᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠨ᠎ᠠ᠃          ᠲᠠᠪᠤ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ︽ᠪᠦᠰᠡᠯᠡᠯᠲᠡ ᠶᠢ ᠰᠢᠪᠲᠤᠯᠬᠤ︾ ᠶᠢᠨ ᠭᠤᠣᠯᠯᠠᠭᠴᠢ ᠪᠠ ᠭᠤᠣᠯ ᠴᠣᠭᠴᠠ ᠶᠢᠨ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠴᠢᠶᠠᠯᠠᠪᠤᠷᠢ ᠳᠤ ᠲᠦᠰᠢᠭᠯᠡᠨ᠂ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠪᠥᠬᠦ ᠵᠢᠨᠴᠢᠶᠣᠣ ᠶᠢᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠣᠷᠣᠨ ᠤ ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠪᠠ ᠤᠯᠤᠰ ᠤᠨ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠣᠷᠣᠨ ᠵᠠᠢ︾ ᠶᠢᠨ ᠦᠢᠯᠡᠳᠦᠯ ᠴᠢᠳᠠᠪᠤᠷᠢ ᠶᠢ ᠭᠦᠢᠴᠡᠳ ᠪᠠᠳᠠᠷᠠᠭᠤᠯᠵᠤ᠂ ︽ᠬᠤᠶᠠᠷ ᠬᠦᠷᠢᠶᠡᠯᠡᠩ ᠲᠣᠭᠤᠷᠢᠭ︾ ᠲᠤ ᠦᠢᠯᠡᠴᠢᠯᠡᠬᠦ ᠶᠢᠨ ᠲᠣᠭᠤᠷᠢᠨ ᠳᠤ᠂ ᠰᠢᠩᠭᠡᠯᠢᠭ ᠵᠶ᠋ᠡᠨ‌‍ᠰᠤᠯᠠᠯᠠᠨ ᠰᠢᠪᠠᠭᠤ ᠰᠣᠯᠢᠵᠤ᠂ ᠣᠷᠣᠭᠤᠯᠤᠨ ᠠᠪᠴᠢᠷᠠᠭᠰᠠᠨ ᠣᠷᠣᠨ ᠤ ᠬᠡᠰᠡᠭ ᠤᠨ ᠬᠡᠯᠬᠢᠶ᠎ᠡ᠂ ᠶᠤᠸᠠᠨ ᠢᠦᠢ᠂ ᠲᠠᠷᠢᠬᠢᠨ ᠤ ᠲᠥᠷᠥᠯ ᠤᠨ ᠰᠢᠨᠵᠢᠯᠡᠬᠦ ᠤᠬᠠᠭᠠᠨ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠢᠷᠡᠭᠡᠳᠦᠢ ᠶᠢᠨ ᠠᠵᠤ ᠦᠢᠯᠡᠰ ᠤᠨ ︽ᠬᠦᠷᠢᠶᠡᠯᠡᠩ ᠳᠤ ᠣᠷᠣᠬᠤ︾ ᠶᠢ ᠪᠣᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠤᠯᠤᠰ ᠤᠨ ᠲᠡᠷᠢᠭᠦᠨ ᠤ ︽ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃ ︽ᠠᠺᠠᠳᠧᠮᠢᠴᠢ ᠶᠢᠨ ᠪᠦᠯᠬᠦᠮ + ᠳᠠᠭᠠᠭᠤᠯᠤᠭᠴᠢ ᠠᠵᠤ ᠠᠬᠤᠶᠢᠯᠠᠯ + ᠠᠵᠤ ᠦᠢᠯᠡᠰ ᠤᠨ ᠬᠦᠷᠢᠶᠡᠯᠡᠩ ᠲᠣᠭᠤᠷᠢᠭ︾ ᠤᠨ ᠠᠷᠭ᠎ᠠ ᠮᠠᠶ᠋ᠢᠭ ᠢ ᠬᠡᠷᠡᠭᠯᠡᠨ᠂ ᠵᠢᠯ ᠤᠨ ᠳᠣᠲᠣᠷ᠎ᠠ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ 4 ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠢ ᠲᠤᠭ᠎ᠠ ᠶᠢ 15 ᠪᠣᠯᠭᠠᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 180 ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ 300 ᠰᠢᠪᠲᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ 20 ᠵᠦᠢᠯ ᠠᠴᠠ ᠳᠡᠭᠡᠭᠰᠢ ᠬᠤᠪᠢᠷᠠᠭᠤᠯᠵᠤ᠂ ᠮᠡᠷᠭᠡᠵᠢᠯ ᠤᠨ ᠠᠷᠠᠯᠵᠢᠶᠠᠨ ᠤ ᠲᠤᠭ᠎ᠠ ᠶᠢ 25% ᠪᠠᠷ ᠨᠡᠮᠡᠭᠳᠡᠭᠦᠯᠦᠨ᠎ᠡ᠃            ᠵᠢᠷᠭᠤᠭ᠎ᠠ ᠳᠤ᠂︽ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ︾ᠳᠤᠮᠳᠠ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠦᠨ᠎ᠡ᠃ ᠳᠤᠮᠳᠠᠳᠤ ᠤᠯᠤᠰ ︵ᠥᠪᠥᠷ ᠮᠣᠩᠭᠤᠯ︶ ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠬᠥᠬᠡᠬᠤᠲᠠ ᠶᠢᠨ ᠭᠤᠣᠯ ᠲᠣᠭᠤᠷᠢᠭ ᠢᠶᠠᠷ ᠮᠡᠳᠡᠭᠦᠯᠬᠦ ᠪᠠᠷ ᠭᠤᠶᠤᠴᠢᠯᠠᠬᠤ ᠲᠣᠭᠤᠷᠢᠨ ᠳᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠥᠪᠯᠡᠷᠡᠭᠦᠯᠦᠨ ᠲᠠᠷᠬᠠᠭᠠᠬᠤ ᠲᠥᠪ ᠢ ᠲᠦᠷᠭᠡᠳᠬᠡᠨ ᠪᠠᠶᠢᠭᠤᠯᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠴᠤᠭᠯᠠᠷᠠᠯ ᠤᠨ ᠴᠢᠳᠠᠪᠤᠷᠢ ᠶᠢ ᠳᠡᠭᠡᠭᠰᠢᠯᠡᠭᠦᠯᠦᠨ ᠥᠷᠭᠡᠳᠬᠡᠵᠦ᠂ ︽ᠵᠢᠰᠢᠶᠠᠨ ᠤ ᠭᠠᠯᠲᠤ ᠲᠡᠷᠭᠡ +︾ ᠵᠠᠭᠪᠤᠷ ᠢ ᠶᠡᠬᠡᠪᠡᠷ ᠬᠥᠭᠵᠢᠭᠦᠯᠦᠨ᠂ ᠲᠡᠭᠡᠭᠡᠪᠦᠷᠢᠯᠡᠨ ᠶᠠᠪᠤᠭᠤᠯᠬᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠱᠠ ᠯᠢᠶᠠᠩ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢᠯᠡᠨ ᠶᠠᠪᠤᠭᠤᠯᠬᠤ ᠰᠢᠨ᠎ᠡ ᠬᠦᠢᠰᠦ ᠪᠣᠯᠭᠠᠵᠤ᠂ ᠶᠡᠭᠡ ᠬᠡᠮᠵᠢᠶᠡᠨ ᠤ ᠲᠠᠸᠠᠷ ᠤᠨ ᠪᠡᠯᠡᠨ ᠪᠠᠷᠠᠭᠠᠨ ᠤ ᠠᠷᠠᠯᠵᠢᠶ᠎ᠠ᠂ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠠᠵᠤ ᠠᠬᠤᠢ ᠵᠡᠷᠭᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠠᠬᠢᠭᠤᠯᠤᠨ᠎ᠠ᠃ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠬᠢᠯᠢ ᠶᠢᠨ ᠭᠠᠳᠠᠨᠠᠬᠢ ᠠᠷᠠᠯᠵᠢᠶ᠎ᠠ᠂ ᠲᠣᠭᠠᠵᠢᠭᠤᠯᠤᠭᠰᠠᠨ ᠠᠷᠠᠯᠵᠢᠶ᠎ᠠ ᠵᠡᠷᠭᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠢ ᠲᠦᠷᠭᠡᠪᠴᠢᠯᠡᠨ ᠣᠷᠣᠭᠤᠯᠤᠨ ᠠᠪᠴᠢᠷᠠᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠡᠷᠦᠩᠬᠡᠢ ᠲᠤᠭ᠎ᠠ ᠶᠢ ᠪᠦᠬᠦ ᠬᠦᠴᠦᠨ ᠢᠶᠠᠷ ᠢᠶᠠᠨ ᠨᠡᠮᠡᠭᠳᠡᠭᠦᠯᠵᠦ᠂ ᠭᠠᠳᠠᠭᠠᠳᠤ ᠠᠷᠠᠯᠵᠢᠶᠠᠨ ᠤ ᠰᠢᠨ᠎ᠡ ᠬᠥᠳᠡᠯᠭᠡᠭᠴᠢ ᠡᠨᠧᠷᠭᠢ ᠶᠢ ᠨᠡᠮᠡᠭᠳᠡᠭᠦᠯᠦᠨ᠎ᠡ᠃            ︽2024 ᠣᠨ ᠳᠤ᠂ ᠰᠠᠶᠢᠬᠠᠨ ᠲᠣᠭᠤᠷᠢᠭ ᠤᠨ ᠬᠢᠨ ᠥᠷᠯᠥᠭᠡ ᠦᠳᠡᠰᠢ ᠶᠢ ᠲᠡᠮᠡᠴᠡᠵᠦ᠂ ᠡᠷᠴᠢ ᠵᠣᠷᠢᠭ ᠢᠶᠠᠨ ᠬᠥᠪᠴᠢᠯᠡᠨ ︿ᠵᠢᠷᠭᠤᠭᠠᠨ ᠢᠨᠵᠧᠨᠧᠷᠢᠩ ᠢ ᠠᠬᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠰᠠᠶᠢᠬᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ᠂ ᠲᠠᠬᠢᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ︾᠃ ᠭᠡᠵᠦ ᠯᠢ ᠢᠦᠢ ᠵᠢᠶᠣᠣ ᠬᠡᠯᠡᠪᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号