ᠠᠷᠪᠢᠯᠠᠨ ᠭᠠᠮᠨᠠᠬᠤ
ᠨᠡᠶᠢᠲᠡᠯᠡᠭᠰᠡᠨ ᠴᠠᠭ᠄
2024/2/26
     ᠠᠷᠪᠢᠯᠠᠨ ᠭᠠᠮᠨᠠᠬᠤ ᠪᠣᠯ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ ᠮᠣᠷᠠᠯ ᠮᠥᠨ᠂ ᠨᠡᠩ ᠴᠦ ᠰᠠᠶᠢᠨ ᠰᠠᠶᠢᠬᠠᠨ ᠦᠢᠯᠡ ᠠᠵᠢᠯᠯᠠᠭ᠎ᠠ ᠶᠢᠨ ᠳᠠᠳᠬᠠᠯ ᠤᠨ ᠪᠡᠯᠭᠡ ᠲᠡᠮᠳᠡᠭ ᠪᠣᠯᠣᠨ᠎ᠠ᠃ᠠᠷᠪᠢᠯᠠᠨ ᠭᠠᠮᠨᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠶᠢᠨ ᠲᠥᠯᠥᠭᠡ ᠨᠠᠨ ᠮᠧᠨ ᠸᠠᠢ ᠪᠠᠭ᠎ᠠ ᠰᠤᠷᠭᠠᠭᠤᠯᠢ ᠶᠢᠨ ᠬᠤᠸᠠᠩ ᠾᠧ ᠱᠤᠤ ᠬᠤᠪᠢᠶᠠᠷᠢ ᠰᠤᠷᠭᠠᠭᠤᠯᠢ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ︽ᠤᠯᠠᠭᠠᠨ ᠪᠦᠴᠡᠲᠡᠨ ᠤ ᠲᠡᠮᠳᠡᠭ ᠪᠤᠯᠢᠶᠠᠯᠳᠤᠬᠤ︾ ᠦᠢᠯᠡᠳᠦᠯᠭᠡ ᠶᠢᠨ ᠠᠵᠢᠯᠯᠠᠭ᠎ᠠ ᠶᠢᠨ ︽ᠠᠷᠪᠢᠯᠠᠨ ᠭᠠᠮᠨᠠᠬᠤ ᠲᠡᠮᠳᠡᠭ︾ ᠥᠷᠨᠢᠭᠦᠯᠪᠡ᠃
     ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠵᠤ᠂ ᠨᠣᠭᠤᠭ᠎ᠠ ᠤᠬᠢᠶᠠᠬᠤ ᠪᠠ ᠪᠤᠳᠠᠭ᠎ᠠ ᠲᠤᠩᠭᠠᠬᠤ ᠤᠰᠤᠯᠠᠯᠲᠠ ᠶᠢ ᠴᠤᠭᠯᠠᠭᠤᠯᠤᠨ᠎ᠠ᠃
     ᠬᠠᠶᠠᠭᠳᠠᠮᠠᠯ ᠬᠠᠭᠤᠴᠢᠨ ᠪᠠᠭᠤᠷᠢ ᠶᠢ ᠥᠭᠡᠷᠡᠴᠢᠯᠡᠨ ᠵᠠᠰᠠᠵᠤ ᠪᠣᠭᠤᠳᠠᠯ ᠤᠨ ᠬᠠᠶᠢᠷᠴᠠᠭ ᠢ ᠠᠰᠢᠭᠯᠠᠨ ᠬᠤᠷᠢᠶᠠᠬᠤ ᠰᠠᠭᠰᠤ ᠬᠢᠨ᠎ᠡ᠃
     ︽ᠠᠶᠠᠭ᠎ᠠ ᠫᠢᠯᠠ︾ ᠠᠵᠢᠯᠯᠠᠭ᠎ᠠ ᠶᠢ ᠰᠠᠶᠢᠲᠤᠷ ᠬᠢᠵᠦ ᠤᠰᠤ ᠶᠢ ᠭᠠᠮᠨᠠᠨ ᠰᠦᠢᠳᠬᠡᠬᠦ ᠶᠢ ᠡᠷᠡᠰ ᠬᠤᠷᠢᠭᠯᠠᠨ᠎ᠠ᠃                  ︽ᠡᠯᠪᠡᠭ ᠬᠤᠷᠢᠶᠠᠯᠲᠠ ᠶᠢᠨ ᠵᠢᠯ ᠥᠯᠥᠰᠬᠦᠯᠡᠩ ᠵᠣᠪᠠᠯᠠᠩ ᠢ ᠦᠯᠦ ᠮᠠᠷᠲᠠᠨ ᠪᠠᠶᠠᠨ ᠴᠢᠨᠡᠭᠡᠯᠢᠭ ᠵᠢᠯ ᠠᠷᠪᠢᠯᠠᠨ ᠭᠠᠮᠨᠠᠬᠤ︾ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠨᠢᠭᠡᠪᠦᠷᠢ ᠪᠠᠭ᠎ᠠ ᠠᠴᠠ ᠪᠠᠨ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠳᠠᠳᠬᠠᠯ ᠢ ᠪᠤᠢ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠰᠠᠶᠢᠨ ᠪᠠᠭᠠᠴᠤᠳ ᠪᠣᠯᠬᠤ ᠪᠠᠷ ᠴᠢᠷᠮᠠᠶᠢᠬᠤ ᠬᠡᠷᠡᠭᠲᠡᠢ᠃ ︽ᠬᠠᠭᠠᠰ ᠳᠤᠲᠠᠭᠤ ᠭᠠᠵᠠᠷ ᠪᠠᠶᠢᠬᠤ ᠦᠭᠡᠢ᠂ ᠪᠠᠭ᠎ᠠ ᠤᠷᠤᠰᠬᠠᠯ ᠴᠦ ᠪᠠᠶᠢᠬᠤ ᠦᠭᠡᠢ︾ ᠪᠠᠶᠢᠵᠤ᠂ ᠭᠡᠰᠢᠭᠦᠳ ᠴᠦ ᠲᠠᠰᠤᠷᠠᠯᠲᠠ ᠦᠭᠡᠢ ᠴᠢᠷᠮᠠᠶᠢᠯᠭ᠎ᠠ ᠪᠠᠷ ᠳᠠᠮᠵᠢᠨ᠂ ᠠᠷᠪᠢᠯᠠᠨ ᠭᠠᠮᠨᠠᠬᠤ ᠨᠢ ᠰᠤᠷᠭᠠᠭᠤᠯᠢ ᠶᠢᠨ ᠬᠦᠷᠢᠶᠡᠨ ᠤ ᠰᠢᠨ᠎ᠡ ᠬᠡᠪ ᠰᠤᠷᠲᠠᠯ ᠪᠣᠯᠬᠤ ᠶᠢ ᠢᠲᠡᠭᠡᠵᠦ ᠪᠠᠶᠢᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号