ᠪᠠᠶᠢᠭᠠᠯᠢᠯᠢᠭ ᠰᠣᠶᠣᠯ ᠤᠨ ᠷᠢᠳᠢ ᠰᠢᠳᠢ ᠪᠠᠷ ᠪᠠᠳᠮ᠎ᠠ ᠯᠢᠩᠬᠤ᠎ᠠ ᠰᠢᠭ᠋ ᠳᠡᠯᠭᠡᠷᠡᠭᠰᠡᠨ ᠰᠣᠳᠣᠨ ᠪᠦᠲᠦᠭᠡᠯ
ᠨᠡᠶᠢᠲᠡᠯᠡᠭᠰᠡᠨ ᠴᠠᠭ᠄
2024/2/26
-- ︽ᠮᠣᠷᠢᠨ ᠬᠤᠩᠬᠤᠨ ᠤ ᠵᠢᠷᠭᠠᠯᠠᠩᠲᠤ ᠡᠭᠡᠰᠢᠭ︾ ᠬᠡᠮᠡᠬᠦ ᠪᠥᠵᠢᠭ ᠤᠨ ᠰᠣᠨᠢᠷᠬᠠᠯ ᠳᠤ                            2023 ᠣᠨ ᠤ 10 ᠰᠠᠷ᠎ᠠ ᠶᠢᠨ 28 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠪᠥᠵᠢᠭ ᠤᠨ ︽ᠯᠢᠩᠬᠤ᠎ᠠ ᠱᠠᠩᠨᠠᠯ︾ ᠤᠨ ᠡᠴᠦᠰ ᠤᠨ ᠰᠢᠯᠭᠠᠷᠠᠭᠤᠯᠤᠯᠲᠠ ᠱᠠᠨᠳᠦ᠋ᠩ ᠮᠤᠵᠢ ᠶᠢᠨ ᠵᠢᠨᠠᠨ ᠬᠤᠳᠠ ᠳᠤ ᠦᠪᠡᠳᠡᠭᠰᠢ ᠶᠡᠭᠡ ᠪᠠᠷ ᠥᠨᠳᠥᠷᠯᠡᠭᠰᠡᠨ ᠪᠠᠶᠢᠨ᠎ᠠ᠃ ᠡᠨᠡ ᠤᠳᠠᠭᠠᠨ ᠤ ᠰᠢᠯᠭᠠᠷᠠᠭᠤᠯᠤᠯᠲᠠ ᠳᠤ ᠥᠪᠥᠷ ᠮᠣᠩᠭᠤᠯ ᠤᠨ ᠪᠥᠵᠢᠭᠴᠢᠳ ᠤᠨ ᠨᠡᠶᠢᠭᠡᠮᠯᠢᠭ ᠠᠴᠠ ᠰᠣᠩᠭᠤᠨ ᠳᠡᠪᠰᠢᠭᠦᠯᠦᠭᠰᠡᠨ ︽ᠮᠣᠷᠢᠨ ᠬᠤᠩᠬᠤᠨ ᠤ ᠵᠢᠷᠭᠠᠯᠠᠩᠲᠤ ᠡᠭᠡᠰᠢᠭ︾ ᠬᠡᠮᠡᠬᠦ ᠪᠦᠲᠦᠭᠡᠯ 98.89 ᠬᠤᠪᠢ ᠪᠠᠷ ᠲᠡᠷᠢᠭᠦᠯᠡᠯ᠎ᠡ᠃ ᠡᠭᠦᠨ ᠤ ᠬᠠᠮᠲᠤ ᠥᠪᠥᠷ ᠮᠣᠩᠭᠤᠯ ᠤᠨ ᠪᠥᠵᠢᠭᠴᠢᠳ ᠤᠨ ᠨᠡᠶᠢᠭᠡᠮᠯᠢᠭ ᠠᠴᠠ ᠰᠣᠩᠭᠤᠨ ᠳᠡᠪᠰᠢᠭᠦᠯᠦᠭᠰᠡᠨ ︽ᠭᠡᠷᠡᠯ ᠳᠤ ᠠᠭᠤᠰᠬᠤᠢ︾᠂ ︽ᠮᠥᠩᠬᠡ ᠶᠢᠨ ᠨᠠᠷᠠ︾᠂ ︽ᠥᠯᠥᠭᠡᠢ ᠨᠤᠲᠤᠭ ᠤᠨ ᠤᠳᠤᠨ ᠤ ᠰᠡᠭᠦᠳᠡᠷ︾ ᠵᠡᠷᠭᠡ ᠭᠤᠷᠪᠠᠨ ᠪᠦᠲᠦᠭᠡᠯ ᠨᠢ ᠰᠢᠯᠢᠳᠡᠭ ᠪᠦᠲᠦᠭᠡᠯ ᠢᠶᠠᠷ ᠲᠣᠳᠣᠷᠠᠭᠰᠠᠨ ᠪᠠᠶᠢᠨ᠎ᠠ᠃ ᠡᠨᠡ ᠪᠣᠯ ᠮᠠᠨ ᠤ ᠥᠪᠥᠷ ᠮᠣᠩᠭᠤᠯ ᠣᠷᠣᠨ ᠤ ᠤᠷᠠᠯᠢᠭ ᠰᠣᠶᠣᠯ ᠳᠤ ᠥᠩᠭᠡ ᠭᠡᠷᠡᠯ ᠠᠪᠴᠢᠷᠠᠭᠰᠠᠨ ᠪᠠᠶᠠᠷᠲᠤ ᠶᠠᠪᠤᠳᠠᠯ ᠪᠤᠯᠬᠤ ᠪᠥᠭᠡᠳ ᠦᠨᠳᠦᠰᠦᠲᠡᠨ ᠤ ᠪᠥᠵᠢᠭ ᠤᠨ ᠠᠰᠤᠷᠤ ᠶᠡᠭᠡ ᠬᠥᠭᠵᠢᠯᠲᠡ ᠶᠢ ᠳᠣᠬᠢᠶᠠᠯᠠᠭᠰᠠᠨ ᠴᠢᠬᠤᠯᠠ ᠬᠡᠷᠡᠭ ᠶᠠᠪᠤᠳᠠᠯ ᠪᠣᠯᠣᠨ᠎ᠠ᠃            ᠪᠥᠵᠢᠭ ᠪᠣᠯ ᠤᠯᠤᠰ ᠦᠨᠳᠦᠰᠦᠲᠡᠨ ᠤ ᠰᠣᠶᠣᠯ ᠤᠨ ᠴᠢᠬᠤᠯᠠ ᠨᠢᠭᠡ ᠭᠡᠯᠪᠡᠷᠢ ᠪᠤᠯᠬᠤ ᠶᠤᠮ᠃ ᠠᠯᠤᠰ ᠲᠡᠷᠲᠡᠭᠡ ᠭᠦᠢ ᠨᠢᠭᠡᠳᠦᠯ ᠤᠨ ᠦᠶ᠎ᠡ ᠳᠤ᠂ ᠪᠥᠵᠢᠭ ᠨᠢ ᠬᠥᠮᠥᠰ ᠤᠨ ᠭᠦᠳᠡᠯᠮᠦᠷᠢ ᠲᠡᠮᠡᠴᠡᠯ᠂ ᠠᠵᠤ ᠠᠮᠢᠳᠤᠷᠠᠯ ᠤᠨ ᠳᠤᠮᠳᠠ᠂ ᠲᠡᠳᠡᠨ ᠤ ᠦᠵᠡᠯ ᠪᠤᠳᠤᠯ᠂ ᠰᠦᠰᠦᠭ ᠪᠢᠰᠢᠷᠡᠯ᠂ ᠵᠠᠩ ᠦᠢᠯᠡ ᠲᠠᠢ ᠤᠶᠠᠯᠳᠤᠨ ᠪᠤᠢ ᠪᠣᠯᠤᠭᠰᠠᠨ ᠪᠥᠭᠡᠳ ᠬᠥᠮᠥᠨ ᠲᠥᠷᠥᠯᠬᠢᠲᠡᠨ ᠤ ᠲᠡᠦᠬᠡᠨ ᠶᠠᠪᠤᠴᠠ ᠶᠢ ᠲᠠᠭᠠᠵᠤ ᠥᠭᠡᠷᠡᠴᠢᠯᠡᠭᠳᠡᠨ ᠰᠢᠨᠡᠴᠢᠯᠡᠭᠳᠡᠭᠰᠡᠭᠡᠷ ᠢᠷᠡᠵᠠᠢ᠃ ︽ᠮᠣᠷᠢᠨ ᠬᠤᠩᠬᠤᠨ ᠤ ᠵᠢᠷᠭᠠᠯᠠᠩᠲᠤ ᠡᠭᠡᠰᠢᠭ︾ ᠪᠣᠯ ᠳᠠᠷᠤᠢ ᠮᠣᠩᠭᠤᠯ ᠦᠨᠳᠦᠰᠦᠲᠡᠨ ᠤ ᠠᠵᠤ ᠠᠮᠢᠳᠤᠷᠠᠯ ᠲᠠᠢ ᠨᠢᠭᠲᠠ ᠤᠶᠠᠯᠳᠤᠨ ᠪᠦᠲᠦᠭᠡᠭᠳᠡᠭᠰᠡᠨ ᠰᠣᠶᠣᠯ ᠤᠨ ᠠᠭᠤᠯᠤᠭᠳᠠᠴᠠ ᠲᠠᠢ ᠪᠥᠵᠢᠭ ᠪᠤᠯᠬᠤ ᠶᠤᠮ᠃ ᠲᠤᠰ ᠪᠥᠵᠢᠭ  ᠤᠨ ᠲᠣᠪᠣᠶᠢᠮ᠎ᠠ ᠣᠨᠴᠠᠯᠢᠭ ᠪᠣᠯᠵᠤ ᠪᠠᠶᠢᠭ᠎ᠠ ᠮᠣᠷᠢᠨ ᠬᠤᠩᠬᠤᠨ ᠤ ᠴᠣᠬᠢᠯᠭ᠎ᠠ ᠨᠢ ᠳᠠᠷᠤᠢ ᠮᠠᠯᠴᠢᠨ ᠠᠷᠠᠳ ᠤᠨ ᠠᠮᠢᠳᠤᠷᠠᠯ ᠤᠨ ᠠᠶᠢᠵᠠᠮ᠂ ᠰᠡᠳᠬᠢᠯᠭᠡᠨ ᠤ ᠬᠦᠴᠦᠯᠡᠴᠡ ᠪᠣᠯᠵᠤ᠂ ᠠᠵᠤ ᠵᠢᠷᠭᠠᠯᠲᠤ ᠠᠮᠢᠳᠤᠷᠠᠯ᠂ ᠬᠥᠮᠥᠨ ᠪᠠ ᠮᠣᠷᠢ ᠬᠠᠮᠲᠤ ᠪᠠᠷ ᠪᠠᠶᠠᠰᠤᠨ ᠪᠠᠶᠢᠭ᠎ᠠ ᠣᠷᠴᠢᠨ ᠠᠬᠤᠢ ᠶᠢ ᠪᠡᠯᠭᠡᠳᠡᠭᠰᠡᠨ ᠪᠠᠶᠢᠨ᠎ᠠ᠃            ᠪᠥᠵᠢᠭ ᠨᠢ ᠠᠵᠤ ᠠᠮᠢᠳᠤᠷᠠᠯ ᠲᠠᠢ ᠨᠢᠭᠲᠠ ᠤᠶᠠᠯᠳᠤᠭ᠎ᠠ ᠲᠠᠢ ᠤᠷᠠᠯᠢᠭ ᠤᠨ ᠭᠡᠯᠪᠡᠷᠢ ᠪᠣᠯᠤᠭᠰᠠᠨ ᠬᠤᠪᠢ  ᠳᠤ᠂ ᠪᠥᠵᠢᠭ ᠢ ᠵᠣᠬᠢᠶᠠᠨ ᠪᠦᠲᠦᠭᠡᠭᠰᠡᠳ ᠤᠨ ᠠᠮᠢᠳᠤᠷᠠᠯ ᠤᠨ ᠣᠷᠴᠢᠨ᠂ ᠰᠡᠳᠬᠢᠯ ᠤᠨ ᠬᠠᠨᠳᠤᠯᠭ᠎ᠠ ᠲᠠᠢ ᠰᠠᠯᠤᠰᠢ ᠦᠭᠡᠢ ᠬᠠᠷᠢᠴᠠᠭ᠎ᠠ ᠲᠠᠢ ᠪᠠᠶᠢᠳᠠᠭ᠃ ᠲᠤᠰ ᠪᠥᠵᠢᠭ ᠨᠢ ᠳᠠᠷᠤᠢ ᠠᠷᠠᠳ ᠤᠯᠠᠨ ᠤ ᠳᠤᠮᠳᠠ ᠥᠷᠭᠡᠨ ᠢᠶᠠᠷ ᠤᠯᠠᠮᠵᠢᠯᠠᠭᠳᠠᠵᠤ ᠢᠷᠡᠭᠰᠡᠨ ᠪᠠᠶᠢᠭᠠᠯᠢᠯᠢᠭ ᠬᠡᠪ ᠨᠠᠮᠪᠠ ᠪᠣᠯᠣᠨ ᠦᠨᠳᠦᠰᠦᠲᠡᠨ ᠤ ᠬᠡᠪ ᠳᠦᠷᠢ᠂ ᠣᠷᠣᠨ‌ᠨᠤᠲᠤᠭ ᠤᠨ ᠬᠡᠪ ᠨᠠᠮᠪᠠ ᠶᠢ ᠭᠠᠶᠢᠬᠠᠭᠤᠯᠵᠤ᠂ ᠥᠪᠡᠷ ᠤᠨ ᠭᠡᠬᠦ ᠣᠨᠴᠠᠯᠢᠭ ᠲᠠᠢ ᠪᠣᠯᠤᠭᠰᠠᠨ ᠢᠶᠠᠷ ᠵᠶ᠋ᠠᠨ‌ᠦᠵᠡᠭᠴᠢᠳ ᠤᠨ ᠬᠦᠷᠢᠶᠡᠯᠡᠯ ᠢ ᠣᠯᠵᠤ᠂ ᠨᠢᠭᠡᠨ ᠰᠣᠳᠣᠨ ᠪᠥᠵᠢᠭ ᠪᠣᠯᠵᠤ ᠴᠢᠳᠠᠭᠰᠠᠨ ᠪᠠᠶᠢᠨ᠎ᠠ᠃ ᠣᠨᠴᠠᠭᠠᠶᠢᠯᠠᠨ᠂ ᠲᠤᠰ ᠪᠥᠵᠢᠭ ᠲᠤ ᠭᠠᠵᠠᠷ ᠣᠷᠣᠨ ᠤ ᠣᠨᠴᠠᠯᠢᠭ ᠪᠦᠬᠦᠢ ᠠᠷᠠᠳ ᠤᠨ ᠳᠠᠭᠤᠤ ᠶᠢ ᠤᠷᠠᠯᠢᠭ ᠢᠶᠠᠷ ᠠᠰᠢᠭᠯᠠᠵᠤ᠂ ᠠᠷᠠᠳ ᠤᠨ ᠳᠠᠭᠤᠤ  ᠶᠢᠨ ᠰᠠᠭᠤᠷᠢᠨ ᠳᠡᠭᠡᠷ᠎ᠡ ᠪᠥᠵᠢᠭ ᠤᠨ ᠦᠨᠳᠦᠰᠦᠨ ᠴᠣᠬᠢᠯᠭ᠎ᠠ ᠪᠠ ᠠᠶᠢᠵᠠᠮ ᠢ ᠵᠣᠬᠢᠴᠠᠭᠤᠯᠵᠤ᠂ ᠦᠨᠳᠦᠰᠦᠨ ᠭᠦᠭ ᠠᠶᠠᠰ ᠢᠶᠠᠨ ᠲᠣᠭᠲᠠᠭᠠᠵᠤ ᠴᠢᠳᠠᠭᠰᠠᠨ ᠨᠢ ᠭᠠᠶᠢᠬᠠᠯᠲᠠᠢ᠃ ᠲᠡᠦᠬᠡᠨ ᠲᠡᠮᠳᠡᠭᠯᠡᠯ ᠢ ᠦᠨᠳᠦᠰᠦᠯᠡᠪᠡᠯ᠂ ᠳᠠᠭᠤᠯᠠᠬᠤ ᠶᠢᠨ ᠳᠠᠭᠠᠤ ᠪᠥᠵᠢᠭᠯᠡᠬᠦ ᠨᠢ ᠮᠣᠩᠭᠤᠯᠴᠤᠳ ᠤᠨ ᠪᠥᠵᠢᠭ ᠤᠨ ᠨᠢᠭᠡᠨ ᠤᠯᠠᠮᠵᠢᠯᠠᠯ ᠪᠠᠶᠢᠭ᠎ᠠ ᠶᠤᠮ᠃ 1266 ᠣᠨ ᠳᠤ ᠪᠢᠴᠢᠭᠳᠡᠭᠰᠡᠨ ︽ᠨᠠᠢᠮᠠᠨ ᠭᠡᠷ ᠤᠨ ᠴᠠᠭ ᠤᠨ ᠲᠠᠭᠢᠯᠭ᠎ᠠ ᠶᠢᠨ ᠪᠢᠴᠢᠭ︾ ᠭᠡᠳᠡᠭ ᠨᠣᠮ ᠤᠨ ᠪᠥᠵᠢᠭᠯᠡᠯ ᠤᠨ ᠵᠦᠢᠯ ᠳᠤ᠂ ︽ᠲᠠᠭᠤᠨ ᠤ ᠠᠶ᠎ᠠ ᠪᠠᠷ ᠪᠥᠵᠢᠭᠯᠡᠵᠦ ᠪᠠᠶᠢᠯ᠎ᠠ︾ ᠬᠡᠮᠡᠭᠰᠡᠨ ᠲᠡᠮᠳᠡᠭᠯᠡᠯ ᠪᠠᠶᠢᠳᠠᠭ᠃ ᠳᠠᠷᠤᠢ ᠳᠠᠭᠤᠤ ᠲᠠᠢ ᠪᠥᠵᠢᠭ ᠪᠣᠯ ᠨᠢᠭᠡ ᠵᠦᠢᠯ ᠤᠨ ᠡᠷᠲᠡᠨ ᠠᠴᠠ ᠤᠯᠠᠮᠵᠢᠯᠠᠭᠳᠠᠭᠰᠠᠨ ᠦᠨᠳᠦᠰᠦᠨ ᠬᠡᠪ ᠵᠠᠩᠰᠢᠯ ᠪᠤᠯᠬᠤ ᠶᠤᠮ᠃ ᠲᠡᠷᠡᠴᠢᠯᠡᠨ ᠳᠠᠭᠤᠤ  ᠲᠠᠢ ᠪᠥᠵᠢᠭ ᠨᠢ ᠭᠠᠭᠴᠠ ᠣᠷᠳᠣᠨ ᠤ ᠶᠣᠰᠣᠯᠠᠯ ᠳᠤ ᠬᠠᠷᠠᠭᠳᠠᠬᠤ ᠲᠡᠳᠦᠢ ᠦᠭᠡᠢ᠂ ᠠᠷᠠᠳ ᠤᠯᠠᠨ ᠤ ᠳᠤᠮᠳᠠ ᠴᠤ ᠥᠷᠭᠡᠨ ᠢᠶᠠᠷ ᠤᠯᠠᠮᠵᠢᠯᠠᠭᠳᠠᠵᠤ ᠪᠠᠶᠢᠭᠰᠠᠨ ᠭᠡᠳᠡᠭ᠃ ᠲᠡᠭᠦᠨ ᠤ ᠤᠴᠢᠷ ᠢ ᠬᠡᠯᠡᠪᠡᠯ᠂ ᠦᠭᠡ ᠭᠡᠯᠡ ᠪᠠᠷ ᠢᠯᠡᠳᠬᠡᠳᠡᠭ ᠳᠠᠭᠤᠤ ᠤᠷᠠᠯᠢᠭ ᠨᠢ ᠬᠥᠮᠥᠰ ᠤᠨ ᠠᠮᠢᠳᠤᠷᠠᠯ ᠳᠤᠮᠳᠠᠬᠢ ᠬᠠᠮᠤᠭ ᠤᠨ ᠦᠨᠳᠦᠰᠦᠨ ᠢᠯᠡᠳᠬᠡᠬᠦ ᠠᠷᠭ᠎ᠠ ᠪᠤᠯᠬᠤ ᠪᠥᠭᠡᠳ ᠪᠠᠶᠠᠷ ᠵᠢᠷᠭᠠᠯ ᠢᠶᠠᠨ ᠪᠡᠯᠭᠡᠯᠡᠬᠦ ᠪᠤᠶᠤ ᠭᠤᠨᠢᠭ ᠤᠶᠢᠳᠬᠠᠷ ᠢᠶᠠᠨ ᠢᠯᠡᠳᠬᠡᠬᠦ ᠶᠢᠨ ᠠᠯᠢᠨ ᠳᠤᠨᠢ ᠴᠦ ᠲᠤᠲᠠᠭᠳᠠᠵᠤ ᠦᠯᠤ ᠪᠤᠯᠳᠠᠭ᠃ ᠲᠡᠶᠢᠮᠦ ᠠᠴᠠ ᠡᠷᠲᠡᠨ ᠠᠴᠠ ᠠᠪᠤᠭᠠᠳ ᠠᠷᠠᠳ ᠤᠨ ᠲᠠᠭᠤᠨ ᠤ ᠷᠢᠳᠢ ᠰᠢᠳᠢ ᠨᠢ ᠪᠡᠶᠡᠯᠡᠭᠡ᠂ ᠪᠥᠵᠢᠭ ᠤᠨ ᠴᠢᠬᠤᠯᠠ ᠪᠦᠷᠢᠯᠳᠦᠭᠦᠨ᠂ ᠴᠢᠨᠠᠭᠰᠢᠯᠠᠪᠠᠯ ᠰᠦᠭ ᠰᠦᠨᠡᠰᠦ ᠨᠢ ᠪᠣᠯᠣᠭᠰᠠᠭᠠᠷ ᠢᠷᠡᠭᠰᠡᠨ ᠶᠤᠮ᠃ ︽ᠮᠣᠷᠢᠨ ᠬᠤᠩᠬᠤᠨ ᠤ ᠵᠢᠷᠭᠠᠯᠠᠩᠲᠤ ᠡᠭᠡᠰᠢᠭ︾ ᠭᠡᠬᠦ ᠪᠥᠵᠢᠭ ᠲᠤ ᠮᠥᠨ ᠡᠨᠡ ᠬᠦ ᠶᠣᠰᠣ ᠵᠢᠷᠤᠮ ᠢ ᠤᠬᠠᠭᠠᠷᠠᠵᠤ᠂ ︽ᠥᠨᠳᠥᠷ ᠬᠥᠬᠡ ᠮᠣᠷᠢ︾᠂ ︽ᠠᠳᠤᠭᠤᠬᠠᠢ ᠵᠤᠯᠠ︾ ᠵᠡᠷᠭᠡ ᠠᠷᠠᠳ ᠤᠨ ᠳᠠᠭᠤᠤ ᠶᠢ ᠠᠰᠢᠭᠯᠠᠵᠤ ᠴᠢᠳᠠᠭᠰᠠᠨ ᠠᠴᠠ ᠲᠤᠰ ᠪᠥᠵᠢᠭ ᠨᠢ ᠮᠠᠰᠢ ᠠᠮᠠᠷᠬᠠᠨ ᠠᠮᠢᠯᠠᠨ ᠪᠦᠲᠦᠵᠦ᠂ ᠰᠦᠭ ᠰᠦᠨᠡᠰᠦ ᠲᠠᠢ ᠪᠣᠯᠵᠤ ᠴᠢᠳᠠᠭᠰᠠᠨ ᠶᠤᠮ᠃ ︽ᠥᠨᠳᠥᠷ ᠬᠥᠬᠡ ᠮᠣᠷᠢ ᠪᠠᠶᠢᠨ᠎ᠠ ᠭᠦᠢ/ ᠣᠭᠲᠠᠷᠭᠤᠢ ᠱᠤᠤᠭᠢᠮ᠎ᠠ ᠵᠢᠷᠤᠭ᠎ᠠ ᠳ᠋ᠠ/ ᠦᠶ᠎ᠡ ᠪᠠᠭ᠎ᠠ  ᠶᠢᠨ ᠪᠤᠳᠤᠯ ᠪᠠᠶᠢᠨ᠎ᠠ ᠰᠢᠦ / ᠦᠭᠡ ᠳᠡᠭᠡᠨ ᠭᠦᠷᠦᠨ᠎ᠡ ᠭᠡᠳᠡᠭ ᠶᠠᠮᠠᠷ ᠰᠠᠶᠢᠬᠠᠨ ᠪᠤᠢ︾᠂ ︽ᠠᠳᠤᠭᠤᠬᠠᠢ ᠵᠤᠯᠠ ᠶᠢᠨ ᠠᠭᠲᠠ ᠳᠤᠨᠢ / ᠠᠷᠪᠠᠨ ᠭᠤᠷᠪᠠᠨ ᠰᠢᠷᠭ᠎ᠠ ᠪᠠᠶᠢᠨ᠎ᠠ / ᠠᠯᠢ ᠰᠢᠷᠭ᠎ᠠ ᠶᠢ ᠤᠨᠤᠶ᠎ᠠ ᠳ᠋ᠣᠣ / ᠠᠪᠤ ᠶᠢᠨ ᠰᠢᠷᠭ᠎ᠠ ᠶᠢ ᠤᠨᠤᠶ᠎ᠠ ᠳ᠋ᠣᠣ︾ ᠵᠡᠷᠭᠡ ᠳᠠᠭᠤᠤ ᠶᠢᠨ ᠦᠭᠡ ᠨᠢ ᠪᠥᠵᠢᠭ ᠤᠨ ᠬᠥᠳᠡᠯᠭᠡᠭᠡᠨ ᠲᠠᠢ ᠪᠠᠨ ᠬᠤᠣᠰᠯᠠᠭᠠᠳ ᠦᠵᠡᠭᠴᠢ  ᠶᠢᠨ ᠨᠢᠳᠦ ᠴᠢᠬᠢ ᠶᠢ ᠬᠠᠮᠲᠤ ᠳᠤᠨᠢ ᠪᠠᠶᠠᠰᠬᠠᠵᠤ᠂ ᠦᠨᠡᠬᠡᠷ ᠨᠢᠭᠡᠨ ᠴᠠᠭ ᠤᠨ ᠪᠠᠶᠠᠰᠤᠯ ᠢ ᠲᠦᠷᠦᠭᠦᠯᠦᠨ᠎ᠠ᠃            ᠲᠤᠰ ᠪᠥᠵᠢᠭ ᠢ ᠬᠡᠷᠪᠡ ᠨᠠᠷᠢᠨ ᠠᠵᠢᠭᠯᠠᠬᠤ ᠳᠤ ᠭᠦᠷᠪᠡᠯ᠂ ᠲᠠᠶᠢᠰᠠᠨ ᠤ ᠵᠢᠷᠤᠭᠯᠠᠯ ᠤᠨ ᠬᠤᠪᠢᠷᠠᠯᠲᠠ ᠨᠢ ᠠᠶᠢᠵᠠᠮ ᠴᠣᠬᠢᠯᠭ᠎ᠠ ᠶᠢᠨ ᠴᠢᠩᠭ᠎ᠠ ᠰᠤᠯᠠ ᠲᠠᠢ ᠪᠠᠨ ᠪᠠᠷᠢᠯᠳᠤᠨ᠂ ᠭᠤᠣᠯᠳᠠᠭᠤ ᠴᠣᠬᠢᠯᠭ᠎ᠠ ᠪᠠᠷ ᠢᠯᠡᠷᠡᠵᠦ ᠪᠠᠶᠢᠬᠤ  ᠶᠢ ᠮᠡᠳᠡᠵᠤ ᠪᠣᠯᠣᠨ᠎ᠠ᠃ ᠪᠥᠵᠢᠭ ᠤᠨ ᠬᠥᠳᠡᠯᠭᠡᠭᠡᠨ ᠤ ᠭᠡᠮᠨᠡᠯ ᠨᠢ ᠴᠣᠬᠢᠯᠭ᠎ᠠ ᠶᠢᠨ ᠬᠤᠪᠢᠷᠠᠯᠲᠠ ᠳᠤ ᠰᠠᠭᠤᠷᠢᠯᠠᠵᠤ᠂ ᠪᠥᠵᠢᠭ ᠤᠨ ᠭᠡᠬᠦ ᠳᠣᠲᠣᠭᠠᠳᠤ ᠰᠡᠳᠬᠢᠯᠭᠡᠨ ᠤ ᠲᠣᠭᠲᠠᠴᠠ ᠶᠢ ᠪᠦᠷᠢᠯᠳᠦᠭᠦᠯᠦᠭᠰᠡᠨ ᠪᠠᠶᠢᠳᠠᠭ᠃ ᠬᠡᠷᠪᠡ ᠨᠢᠭᠡ ᠪᠥᠵᠢᠭ ᠨᠢ ᠳᠣᠲᠣᠭᠠᠳᠤᠬᠢ ᠰᠡᠳᠬᠢᠯᠭᠡᠨ ᠤ ᠡᠵᠡᠮᠰᠢᠯ ᠲᠣᠭᠲᠠᠴᠠ ᠪᠠᠶᠢᠬᠤ ᠦᠭᠡᠢ ᠪᠣᠯ ᠮᠡᠷᠭᠡᠵᠢᠯ ᠤᠨ ᠬᠢᠷᠢ ᠲᠦᠪᠰᠢᠨ ᠨᠢ ᠬᠡᠳᠦᠢ ᠥᠨᠳᠥᠷ ᠪᠣᠯᠤᠭᠰᠠᠨ ᠴᠦ ᠤᠷᠠᠯᠢᠭ ᠪᠣᠯᠵᠤ ᠤᠯᠠᠨ ᠲᠦᠮᠡᠨ ᠤ ᠬᠦᠷᠢᠶᠡᠯᠡᠯ ᠪᠣᠯᠣᠨ ᠦᠨᠡᠯᠡᠯᠲᠡ ᠶᠢ ᠣᠯᠵᠤ ᠴᠢᠳᠠᠬᠤ ᠦᠭᠡᠢ ᠶᠤᠮ᠃ ᠲᠤᠰ ᠪᠥᠵᠢᠭ ᠤᠨ ᠬᠡᠪ ᠨᠠᠮᠪᠠ᠂ ᠭᠡᠯᠪᠡᠷᠢ᠂ ᠬᠥᠳᠡᠯᠭᠡᠭᠡᠨ ᠤ ᠪᠦᠭᠦ ᠴᠣᠭᠴᠠ ᠨᠢ ᠰᠡᠳᠬᠢᠯᠭᠡᠨ ᠤ ᠳᠣᠲᠣᠭᠠᠳᠤ ᠲᠣᠭᠲᠠᠴᠠ ᠪᠠᠷ ᠰᠠᠭᠤᠷᠢᠯᠠᠭᠰᠠᠨ ᠪᠠᠶᠢᠳᠠᠭ᠃ ᠡᠶᠢᠮᠦ ᠠᠴᠠ ᠲᠤᠰ ᠪᠥᠵᠢᠭ ᠤᠨ ᠤᠳᠤᠷᠢᠳᠤᠭᠠᠴᠢ ᠵᠢᠴᠢ ᠲᠣᠭᠯᠠᠭᠴᠢᠳ ᠨᠢᠭᠡ ᠪᠦᠷᠢ ᠪᠦᠭᠦᠨ ᠢᠶᠠᠷ ᠢᠶᠠᠨ ᠡᠶᠢᠮᠦ ᠶᠡᠭᠡ ᠠᠮᠵᠢᠯᠲᠠ ᠳᠤ ᠬᠦᠷᠴᠦ ᠴᠢᠳᠠᠭᠰᠠᠨ ᠨᠢ ᠲᠡᠷᠨ ᠴᠢᠭ ᠢᠶᠠᠷ ᠳᠣᠲᠣᠭᠠᠳᠤ ᠰᠡᠳᠬᠢᠯᠭᠡᠨ ᠤ ᠲᠣᠭᠲᠠᠴᠠ ᠪᠤᠶᠤ ᠬᠠᠯᠠᠭᠤᠨ ᠬᠠᠶᠢᠷ᠎ᠠ ᠶᠢᠨ ᠬᠦᠴᠦᠨ ᠳᠤ ᠲᠦᠰᠢᠭᠰᠡᠨ ᠭᠡᠵᠦ ᠬᠡᠯᠡᠵᠦ ᠪᠣᠯᠣᠨ᠎ᠠ᠃ ᠰᠢᠯᠢᠳᠡᠭ ᠰᠠᠶᠢᠬᠠᠨ ᠰᠣᠶᠣᠯ ᠤᠷᠠᠯᠢᠭ ᠪᠣᠯ ᠴᠠᠭ ᠦᠶ᠎ᠡ  ᠳᠡᠭᠡᠨ ᠦᠢᠯᠡᠴᠢᠯᠡᠬᠦ ᠪᠠᠷ ᠪᠠᠷᠠᠬᠤ ᠦᠭᠡᠢ ᠪᠠᠰᠠ ᠴᠠᠭ ᠦᠶ᠎ᠡ ᠪᠠᠨ ᠲᠠᠪᠠᠨ ᠭᠠᠷᠬᠤ ᠷᠢᠳᠢ ᠰᠢᠳᠢ ᠲᠠᠢ ᠪᠠᠶᠢᠳᠠᠭ᠃  ᠤᠷᠠᠯᠢᠭ ᠮᠥᠩᠬᠡ ᠪᠠᠶᠢᠳᠠᠭ ᠤᠨ ᠤᠴᠢᠷ ᠡᠨᠡ᠃ ᠨᠡᠶᠢᠭᠡᠮ ᠲᠠᠰᠤᠷᠠᠯᠲᠠ ᠦᠭᠡᠢ ᠬᠥᠭᠵᠢᠵᠦ᠂ ᠴᠠᠭ ᠡᠷᠢᠨ ᠤᠷᠤᠭᠰᠢᠯᠠᠨ ᠲᠠᠪᠰᠢᠵᠤ ᠪᠠᠶᠢᠭ᠎ᠠ ᠥᠨᠥᠳᠥᠷ ᠦᠨᠳᠦᠰᠦᠲᠡᠨ ᠤ ᠭᠡᠬᠦ ᠣᠨᠴᠠᠯᠢᠭ᠂ ᠢᠷᠭᠡᠨ ᠤ ᠭᠡᠬᠦ ᠰᠣᠶᠣᠯ ᠢᠳᠡᠭ ᠢᠳᠡᠭ ᠢᠶᠠᠷ ᠤᠪᠠᠶᠢᠯᠠᠭᠳᠠᠬᠤ ᠦᠭᠡᠢ ᠪᠣᠯᠵᠤ ᠪᠠᠶᠢᠭ᠎ᠠ ᠪᠠᠶᠢᠳᠠᠯ ᠳᠣᠣᠷ᠎ᠠ ᠲᠤᠰ ᠪᠥᠵᠢᠭ ᠵᠣᠬᠢᠶᠠᠭᠳᠠᠨ ᠭᠠᠷᠴᠤ᠂ ᠮᠥᠨ ᠲᠠᠶᠢᠰᠠᠨ ᠳᠡᠭᠡᠷ᠎ᠡ ᠢᠯᠡᠷᠡᠵᠦ ᠭᠠᠷᠤᠭᠰᠠᠨ ᠨᠢ ᠶᠠᠭ ᠯᠡ ᠭᠠᠩᠳᠠᠭᠰᠠᠨ ᠭᠠᠵᠠᠷ ᠲᠤ ᠬᠤᠷ᠎ᠠ ᠲᠤᠨᠳᠠᠰᠤ ᠪᠠᠭᠤᠭᠰᠠᠨ ᠰᠢᠭ᠋ ᠪᠢᠳᠡ ᠪᠦᠭᠦᠨ ᠤ ᠰᠡᠳᠬᠢᠯ ᠢ ᠤᠮᠳᠠᠯᠠᠵᠤ᠂ ᠪᠠᠰᠠ ᠶᠠᠭᠤ ᠨᠢᠭᠡ ᠶᠢ ᠪᠣᠳᠣᠭᠤᠯᠵᠤ ᠪᠠᠶᠢᠨ᠎ᠠ᠃            ᠲᠤᠰ ᠪᠥᠵᠢᠭ ᠤᠨ ᠲᠠᠶᠢᠰᠠᠨ ᠤ ᠵᠠᠰᠠᠯ᠂ ᠲᠠᠶᠢᠰᠠᠨ ᠤ ᠠᠷᠤ ᠦᠵᠡᠮᠵᠢ᠂ ᠳ᠋ᠧᠩ ᠤᠨ ᠭᠡᠷᠡᠯᠲᠦᠭᠦᠯᠭᠡ᠂ ᠬᠤᠪᠴᠠᠰᠤ ᠵᠠᠰᠠᠯ ᠤᠨ ᠲᠠᠯ᠎ᠠ ᠪᠠᠷ ᠬᠡᠯᠡᠬᠦ ᠳᠤ ᠪᠥᠵᠢᠭ ᠡᠬᠢᠯᠡᠮᠡᠭᠴᠡ ᠪᠠᠨ ᠬᠥᠮᠥᠰ ᠲᠤ ᠲᠠᠭᠠᠯᠠᠮᠵᠢᠲᠠᠢ ᠪᠥᠭᠡᠳ ᠭᠤᠸ᠎ᠠ ᠰᠠᠶᠢᠬᠠᠨ ᠲᠥᠷᠥᠭᠳᠡᠯ ᠥᠭᠭᠦᠨ᠎ᠡ᠃ ᠳ᠋ᠧᠩ ᠤᠨ ᠭᠡᠷᠡᠯᠲᠦᠭᠦᠯᠭᠡ ᠲᠣᠬᠢᠷᠠᠭᠤᠯᠤᠯᠲᠠ ᠬᠤᠪᠴᠠᠰᠤᠨ ᠤ ᠥᠩᠭᠡ ᠴᠣᠭᠴᠠ ᠶᠢᠨ ᠲᠥᠰᠥᠪᠯᠡᠯᠲᠡ ᠨᠢ ᠨᠢᠭᠡᠨ ᠪᠦᠬᠦᠯᠢ ᠴᠣᠭᠴᠠ ᠪᠣᠯᠵᠤ ᠴᠢᠳᠠᠭᠰᠠᠨ ᠪᠥᠭᠡᠳ ᠪᠣᠷᠣᠭᠵᠢᠭᠤᠨ᠂ ᠪᠠᠰᠠᠴᠤ ᠲᠤᠩ ᠶᠡᠭᠡ ᠰᠦᠷ ᠵᠢᠪᠬᠤᠭᠠᠲᠠᠢ ᠬᠠᠷᠠᠭᠳᠠᠨ᠎ᠠ᠃ ᠪᠥᠵᠢᠭ ᠤᠨ ᠡᠭᠢᠯᠡᠯᠲᠡ ᠨᠢ ᠬᠥᠳᠡᠭᠡ ᠶᠢᠨ ᠥᠷᠭᠡᠨ ᠠᠭᠤᠳᠠᠮ ᠲᠠᠯ᠎ᠠ ᠨᠤᠲᠤᠭ ᠤᠨ ᠠᠬᠤᠢ ᠪᠠᠶᠢᠳᠠᠯ᠂ ᠬᠥᠬᠡ ᠠᠭᠤᠯᠠ᠂ ᠨᠣᠭᠤᠭᠠᠨ ᠲᠠᠯ᠎ᠠ᠂ ᠲᠤᠩᠭᠠᠯᠠᠭ ᠭᠤᠷᠤᠬ᠎ᠠ ᠶᠢ ᠡᠷᠬᠡ ᠦᠭᠡᠢ ᠰᠠᠨᠠᠭᠳᠠᠭᠤᠯᠤᠨ᠎ᠠ᠃ ᠬᠤᠪᠴᠠᠰᠤᠨ ᠤ ᠲᠣᠬᠢᠷᠠᠭᠤᠯᠤᠯᠲᠠ ᠶᠢᠨ ᠲᠠᠯ᠎ᠠ ᠪᠠᠷ ᠶᠠᠷᠢᠬᠤ ᠳᠤ ᠡᠷᠡᠭᠲᠡᠢ ᠪᠥᠵᠢᠭᠴᠢᠳ ᠲᠡᠭᠡᠨ ᠰᠢᠷ᠎ᠠ ᠥᠩᠭᠡ ᠶᠢᠨ ᠲᠡᠷᠯᠢᠭ ᠲᠣᠬᠢᠷᠠᠭᠤᠯᠤᠭᠰᠠᠨ ᠨᠢ ᠮᠥᠨ ᠪᠡᠯᠭᠡᠳᠡᠯ ᠤᠨ ᠤᠳᠬ᠎ᠠ ᠲᠠᠢ᠃ ᠳᠠᠷᠤᠢ ᠮᠣᠩᠭᠤᠯ ᠡᠷᠡᠭᠲᠡᠶᠢᠴᠦᠳ ᠤᠨ ᠰᠢᠨᠲᠠᠷᠠᠰᠢ ᠦᠭᠡᠢ ᠵᠣᠷᠢᠭ ᠰᠦᠯᠳᠡ ᠪᠠ ᠶᠡᠬᠡᠮᠰᠦᠭ ᠡᠷᠡᠯᠬᠡᠭ ᠳᠦᠷᠢ ᠪᠠᠶᠢᠳᠠᠯ ᠢ ᠢᠯᠡᠷᠡᠭᠦᠯᠵᠦ ᠴᠢᠳᠠᠭᠰᠠᠨ ᠪᠠᠶᠢᠨ᠎ᠠ᠃ ᠡᠮᠡᠭᠲᠡᠢ ᠪᠥᠵᠢᠭᠴᠢᠳ ᠤᠨ ᠬᠤᠪᠴᠠᠰᠤ ᠶᠢ ᠴᠡᠩᠬᠡᠷ ᠬᠥᠬᠡ ᠥᠩᠭᠡ  ᠪᠠᠷ ᠲᠣᠬᠢᠷᠠᠭᠤᠯᠤᠭᠰᠠᠨ ᠨᠢ ᠤᠯᠠᠮᠵᠢᠯᠠᠯ ᠲᠠᠢ ᠬᠤᠯᠪᠤᠭ᠎ᠠ ᠲᠠᠢ᠃ ᠮᠣᠩᠭᠤᠯ ᠡᠮᠡᠭᠲᠡᠶᠢᠴᠦᠳ‌‍ᠪᠣᠯ ᠨᠣᠭᠤᠭᠠᠨ ᠥᠩᠭᠡ ᠪᠤᠶᠤ ᠬᠥᠬᠡ ᠴᠡᠩᠬᠡᠷ ᠥᠩᠭᠡ ᠶᠢ ᠡᠷᠲᠡ ᠳᠡᠭᠡᠳᠦ ᠠᠴᠠ ᠪᠠᠨ ᠬᠡᠷᠡᠭᠯᠡᠳᠡᠭ ᠤᠯᠠᠮᠵᠢᠯᠠᠯ ᠲᠠᠢ᠃ ᠡᠭᠦᠨ ᠳᠤ ᠬᠥᠬᠡ ᠥᠩᠭᠡ ᠨᠢ ᠨᠠᠮᠤᠭᠤᠬᠠᠨ᠂ ᠤᠶᠠᠬᠠᠨ᠂ ᠠᠰᠪᠤᠷᠢ ᠴᠠᠭᠠᠪᠤᠷᠢ ᠵᠠᠩ ᠠᠭᠠᠯᠢ ᠶᠢ ᠢᠯᠡᠳᠬᠡᠬᠦ ᠪᠥᠭᠡᠳ ᠪᠠᠰᠠ ᠳᠡᠭᠵᠢᠨ ᠴᠣᠪᠣᠭᠤᠯᠢᠭ ᠦᠵᠡᠰᠭᠦᠯᠡᠩ ᠰᠠᠶᠢᠬᠠᠨ ᠪᠠᠶᠢᠭᠠᠯᠢᠯᠢᠭ ᠴᠢᠨᠠᠷ ᠢ ᠬᠠᠷᠠᠭᠤᠯᠳᠠᠭ᠃ ᠲᠡᠷᠡᠴᠢᠯᠡᠨ ᠡᠳᠡᠭᠡᠷ ᠬᠤᠪᠴᠠᠰᠤ ᠵᠠᠰᠠᠯ ᠨᠢ ᠮᠣᠷᠢᠨ ᠤ ᠬᠥᠩᠭᠡᠨ ᠴᠣᠪᠣᠭᠤᠯᠢᠭ ᠪᠠᠶᠢᠳᠠᠯ ᠪᠠ ᠪᠥᠵᠢᠭ ᠤᠨ ᠭᠡᠮᠨᠡᠯ ᠲᠠᠢ ᠪᠠᠨ ᠮᠠᠰᠢ ᠲᠣᠬᠢᠷᠠᠭᠰᠠᠨ ᠪᠠᠶᠢᠨ᠎ᠠ᠃ ᠮᠣᠷᠢᠨ ᠤ ᠮᠤᠨᠳᠠᠭ᠎ᠠ ᠶᠢ ᠲᠥᠯᠥᠭᠡᠯᠡᠭᠰᠡᠨ ᠰᠡᠪᠡᠯᠵᠡᠭᠦᠷ ᠤᠨᠵᠢᠯᠭ᠎ᠠ᠂ ᠵᠢᠴᠢ ᠬᠠᠨᠴᠤᠢ ᠨᠢᠳᠤᠷᠭ᠎ᠠ ᠳᠤ ᠲᠣᠬᠢᠷᠠᠭᠤᠯᠤᠭᠰᠠᠨ ᠬᠤᠩᠬᠤ ᠵᠡᠷᠭᠡ ᠮᠡᠷᠭᠡᠵᠢᠯ ᠤᠨ ᠬᠥᠮᠥᠨ ᠳᠤ ᠯᠡ ᠰᠠᠶ᠋ᠢ ᠠᠩᠬᠠᠷᠤᠭᠳᠠᠬᠤ ᠬᠤᠪᠴᠠᠰᠤᠨ ᠤ ᠲᠥᠰᠥᠪᠯᠡᠯ᠂ ᠲᠣᠬᠢᠷᠠᠭᠤᠯᠤᠯᠲᠠ ᠨᠢ ᠪᠥᠵᠢᠭ ᠲᠡᠭᠡᠨ ᠲᠣᠬᠢᠷᠠᠮᠵᠢᠲᠠᠢ ᠪᠣᠯᠤᠭᠰᠠᠨ ᠪᠥᠭᠡᠳ ᠰᠦᠷ ᠭᠢᠯᠪᠠᠭ᠎ᠠ ᠨᠡᠮᠡᠷᠢᠯᠡᠭᠰᠡᠨ ᠶᠤᠮ᠃ ᠡᠶᠢᠮᠦᠷᠬᠦᠦ ᠵᠠᠰᠠᠯ ᠴᠢᠮᠡᠭᠯᠡᠯ ᠨᠢ ᠲᠥᠪ ᠪᠣᠷᠣᠭᠵᠢᠭᠤᠨ ᠪᠣᠯᠵᠤ ᠴᠢᠳᠠᠭᠰᠠᠨ ᠪᠥᠭᠡᠳ ᠪᠥᠵᠢᠭᠴᠢᠳ ᠲᠤ ᠬᠦᠨᠳᠦᠷᠡᠯ ᠳᠠᠷᠤᠭᠠᠰᠤ ᠪᠤᠯᠬᠤ ᠪᠠᠷ ᠦᠭᠡᠢ ᠴᠡᠪᠡᠷ ᠲᠣᠳᠣ ᠬᠥᠩᠭᠡᠨ ᠱᠠᠯᠠᠮᠠᠭᠠᠢ ᠪᠥᠵᠢᠭ ᠤᠨ ᠬᠥᠳᠡᠯᠭᠡᠭᠡᠨ ᠳᠡᠭᠡᠨ ᠲᠣᠬᠢᠷᠠᠵᠤ᠂ ᠲᠠᠭᠠᠯᠠᠮᠵᠢᠲᠠᠢ ᠪᠥᠭᠡᠳ ᠭᠤᠶᠤ ᠰᠠᠶᠢᠬᠠᠨ ᠪᠣᠯᠤᠭᠰᠠᠨ ᠪᠠᠶᠢᠨ᠎ᠠ᠃            ᠲᠤᠰ ᠪᠥᠵᠢᠭ ᠢ ᠶᠡᠷᠦᠩᠬᠡᠢ ᠳᠤᠨᠢ ᠠᠪᠴᠤ ᠬᠡᠯᠡᠬᠦ᠂ ᠮᠣᠩᠭᠤᠯ ᠬᠥᠮᠥᠨ ᠪᠠ ᠮᠣᠷᠢᠨ ᠤ ᠪᠠᠷᠢᠯᠳᠤᠯᠭ᠎ᠠ ᠶᠢ ᠢᠯᠡᠳᠬᠡᠭᠰᠡᠨ ᠶᠤᠮ᠃ ᠮᠣᠩᠭᠤᠯ ᠬᠥᠮᠥᠨ ᠬᠢᠭᠡᠳ ᠮᠣᠩᠭᠤᠯ ᠮᠣᠷᠢᠨ ᠤ ᠬᠠᠷᠢᠴᠠᠭ᠎ᠠ ᠪᠣᠯ ᠮᠣᠩᠭᠤᠯ ᠰᠣᠶᠣᠯ ᠤᠷᠠᠯᠢᠭ ᠤᠨ ᠮᠥᠩᠬᠡ ᠶᠢᠨ ᠰᠡᠳᠦᠪ᠃ ᠭᠡᠪᠡᠴᠦ ᠡᠨᠡ ᠬᠦ ᠬᠠᠷᠢᠴᠠᠭ᠎ᠠ ᠶᠢ ᠦᠨᠡᠨ ᠬᠦ ᠪᠥᠵᠢᠭ ᠤᠨ ᠭᠡᠯᠪᠡᠷᠢ ᠪᠠᠷ ᠠᠮᠢᠳᠤ ᠪᠣᠳᠠᠲᠠᠢ ᠢᠯᠡᠳᠬᠡᠬᠦ ᠳᠤ ᠲᠤᠩ ᠬᠦᠴᠢᠷ ᠲᠠᠢ᠃ ᠭᠡᠬᠦ ᠳᠤ ᠲᠤᠰ ᠪᠥᠵᠢᠭ ᠨᠢ ᠥᠩᠭᠡᠷᠡᠭᠰᠡᠨ ᠤ ᠮᠣᠷᠢᠨ ᠪᠥᠵᠢᠭ ᠤᠨ ᠲᠡᠷᠡ ᠬᠦ ᠪᠠᠷᠢᠮᠵᠢᠶᠠᠲᠤ ᠳᠦᠷᠰᠦᠯᠡᠯ᠂ ᠬᠥᠮᠥᠨ ᠪᠣᠯᠣᠨ ᠮᠣᠷᠢᠨ ᠤ ᠬᠤᠭᠤᠷᠤᠨᠳᠤᠭᠢ ᠬᠠᠷᠢᠴᠠᠭ᠎ᠠ ᠶᠢ ᠡᠵᠡᠨ ᠪᠠ ᠤᠨᠤᠯᠭ᠎ᠠ ᠬᠡᠷᠡᠭᠯᠡᠭᠡᠨ ᠤ ᠪᠠᠭᠠᠵᠢ ᠶᠢᠨ ᠬᠠᠷᠢᠴᠠᠭ᠎ᠠ ᠪᠠᠷ ᠳᠦᠷᠰᠦᠯᠡᠨ ᠦᠵᠡᠭᠦᠯᠳᠡᠭ ᠬᠡᠪ ᠵᠠᠭᠪᠤᠷ ᠠᠴᠠ ᠵᠠᠶᠢᠯᠠᠰᠬᠢᠨ᠂ ᠴᠣ ᠰᠢᠨ᠎ᠡ ᠬᠠᠷᠢᠴᠠᠭ᠎ᠠ᠂ ᠴᠣ ᠰᠢᠨ᠎ᠡ ᠭᠡᠯᠪᠡᠷᠢ ᠮᠠᠶ᠋ᠢᠭ ᠲᠠᠢ ᠪᠣᠯᠤᠭᠰᠠᠨ ᠨᠢ ᠴᠠᠭ ᠦᠶ᠎ᠡ ᠶᠢᠨ ᠲᠠᠪᠰᠢᠯᠲᠠ ᠬᠥᠭᠵᠢᠯᠲᠡ ᠶᠢᠨ ᠵᠣᠷᠢᠭ ᠰᠠᠨᠠᠭ᠎ᠠ ᠲᠠᠢ ᠶᠠᠭ ᠵᠣᠬᠢᠴᠠᠯᠳᠤᠵᠤ ᠴᠢᠳᠠᠭᠰᠠᠨ ᠭᠡᠵᠦ ᠭᠡᠯᠡᠯᠳᠡᠢ᠃ ᠠᠭᠲᠠ ᠮᠣᠷᠢ ᠨᠢ ᠮᠣᠩᠭᠤᠯᠴᠤᠳ ᠤᠨ ᠲᠠᠶᠢᠴᠢᠨ ᠬᠠᠨᠢ᠂ ᠥᠷᠭᠡᠨ ᠠᠭᠤᠳᠠᠮ ᠮᠣᠩᠭᠤᠯ ᠤᠨ ᠥᠨᠳᠦᠷᠯᠢᠭ ᠳᠡᠭᠡᠷ᠎ᠡ ᠠᠮᠢᠳᠤᠷᠠᠨ ᠣᠷᠣᠰᠢᠵᠤ ᠢᠷᠡᠭᠰᠡᠨ ᠤᠬᠠᠭᠠᠨᠲᠤ ᠠᠮᠢᠲᠠᠨ ᠤ ᠨᠢᠭᠡ ᠶᠤᠮ᠃ ᠤᠷᠳᠤ ᠤᠳᠠᠭᠠᠨ ᠲᠡᠦᠬᠡᠨ ᠠᠶᠠᠨ ᠤ ᠶᠠᠪᠤᠴᠠ ᠳᠤ ᠠᠭᠲᠠ ᠮᠣᠷᠢ ᠨᠢ ᠮᠣᠩᠭᠤᠯᠴᠤᠳ ᠤᠨ ᠰᠡᠳᠬᠢᠯ ᠤᠨ ᠬᠢᠨᠢ ᠬᠡᠶᠢᠮᠣᠷᠢ ᠰᠦᠯᠳᠡ᠂ ᠰᠠᠶᠢᠨ ᠰᠠᠶᠢᠬᠠᠨ ᠤ ᠪᠡᠯᠭᠡᠳᠡᠯ ᠪᠣᠯᠣᠭᠰᠠᠭᠠᠷ ᠢᠷᠡᠭᠰᠡᠨ ᠶᠤᠮ᠃ ᠪᠠᠰᠠ ᠠᠭᠲᠠ ᠮᠣᠷᠢ ᠨᠢ ᠮᠣᠩᠭᠤᠯᠴᠤᠳ ᠤᠨ ᠲᠡᠦᠬᠡᠨ ᠳᠤ ᠪᠠᠯᠠᠷᠠᠰᠢ ᠦᠭᠡᠢ ᠭᠠᠪᠢᠶ᠎ᠠ ᠪᠠᠶᠢᠭᠤᠯᠤᠭᠰᠠᠨ ᠠᠴᠠ ᠳᠡᠯᠡᠬᠡᠢ ᠳ᠋ᠠᠬᠢᠨ ᠤ ᠬᠢᠨ ᠮᠣᠩᠭᠤᠯ ᠦᠨᠳᠦᠰᠦᠲᠡᠨ ᠢ ︽ᠮᠣᠷᠢᠲᠠᠨ ᠦᠨᠳᠦᠰᠦᠲᠡᠨ︾ ᠭᠡᠳᠡᠭ᠃ ᠬᠦᠴᠢᠷ ᠪᠡᠷᠭᠡᠲᠦ ᠴᠠᠭ ᠦᠶ᠎ᠡ ᠳᠤ ᠲᠠᠶᠢᠨ ᠪᠠᠶᠢᠯᠳᠤᠭᠠᠨ ᠳᠤ ᠮᠣᠷᠢ ᠨᠢ ᠡᠵᠡᠨ ᠢᠶᠠᠨ ᠠᠪᠤᠷᠠᠭᠰᠠᠨ᠂ ᠠᠭᠲᠠ ᠭᠦᠯᠦᠭ ᠨᠢ ᠠᠯᠤᠰ ᠬᠤᠯᠠ ᠬᠠᠷᠢ ᠶᠢᠨ ᠭᠠᠵᠠᠷ ᠠᠴᠠ ᠨᠤᠲᠤᠭ ᠢᠶᠠᠨ ᠰᠠᠨᠠᠵᠤ ᠡᠷᠢᠭᠡᠳ ᠢᠷᠡᠳᠡᠭ ᠦᠯᠢᠭᠡᠷ ᠲᠤᠮᠤᠭ ᠴᠤ ᠠᠷᠪᠢᠨ ᠪᠤᠢ᠃ᠨᠤᠲᠤᠭ ᠢᠶᠠᠨ ᠰᠠᠨᠠᠵᠤᠨᠢᠯᠪᠤᠰᠤᠨ ᠳᠠᠭᠠᠨ ᠳᠡᠪᠲᠦᠲᠡᠯ᠎ᠡ ᠢᠨᠴᠠᠭᠠᠨ᠎ᠠᠮᠢᠨᠤ ᠮᠣᠩᠭᠤᠯ ᠮᠣᠷᠢ ᠬᠠᠷᠢ ᠭᠠᠵᠠᠷ ᠲᠤ ᠁      ᠭᠡᠬᠦ ᠮᠡᠲᠦ ᠶᠢᠨ ᠬᠥᠮᠥᠨ᠂ ᠮᠣᠷᠢᠨ ᠤ ᠬᠠᠶᠢᠷ᠎ᠠ ᠰᠡᠳᠬᠢᠯᠭᠡ ᠶᠢ ᠪᠢᠴᠢᠭᠰᠡᠨ ᠰᠢᠯᠦᠭ ᠤᠨ ᠮᠥᠷ ᠪᠠᠳᠠᠭ ᠴᠤ ᠤᠯᠠᠨ᠃ ᠲᠠᠶᠢᠮᠦ ᠠᠴᠠ ᠮᠣᠷᠢ ᠬᠥᠮᠥᠨ ᠬᠤᠶᠠᠷ ᠤᠨ ᠬᠠᠶᠢᠷ᠎ᠠ ᠰᠡᠳᠬᠢᠯᠭᠡ ᠪᠠᠷ ᠭᠤᠣᠯ ᠳᠦᠷᠰᠦᠯᠡᠭᠳᠡᠬᠦᠨ ᠪᠤᠯᠭᠠᠵᠤ᠂ ᠮᠣᠷᠢ ᠶᠢ ᠰᠠᠶᠢᠨ ᠰᠠᠶᠢᠬᠠᠨ ᠤ ᠪᠡᠯᠭᠡᠳᠡᠯ ᠲᠡᠮᠳᠡᠭ ᠢᠶᠠᠷ ᠢᠯᠡᠳᠬᠡᠭᠰᠡᠨ ᠨᠢ ᠲᠤᠰ ᠪᠥᠵᠢᠭ ᠤᠨ ᠰᠢᠨ᠎ᠡ ᠨᠢᠭᠡᠨ ᠠᠮᠵᠢᠯᠲᠠ ᠪᠣᠯᠣᠨ᠎ᠠ᠃            ᠪᠥᠵᠢᠭ ᠤᠨ ᠡᠭᠢᠯᠡᠯᠲᠡ ᠳᠤ ᠪᠥᠵᠢᠭᠴᠢᠳ ᠭᠠᠩᠭᠠᠩ ᠲᠡᠪᠰᠡᠯᠭᠡ ᠭᠦᠲᠡᠯᠪᠦᠷᠢ ᠭᠡᠮᠨᠡᠯ ᠲᠠᠢ ᠪᠠᠷ ᠦᠵᠡᠭᠴᠢᠳ ᠤᠨ ᠡᠮᠦᠨ᠎ᠡ ᠢᠯᠡᠷᠡᠨ᠂ ᠲᠠᠶᠢᠰᠠ ᠶᠢ ᠡᠵᠡᠮᠳᠡᠨ ᠬᠥᠭᠵᠢᠭᠡᠵᠦ᠂ ᠲᠠᠷᠠᠭ᠎ᠠ ᠨᠢ ᠪᠥᠵᠢᠭ ᠤᠨ ᠭᠦᠳᠡᠯᠪᠦᠷᠢ ᠵᠢᠨ‌ᠠᠶᠢᠵᠠᠮᠲᠤ ᠪᠡᠶᠡᠯᠡᠯ ᠳᠤ ᠭᠠᠭᠴᠠ ᠡᠷᠡᠭᠲᠡᠢ ᠭᠠᠷᠴᠤ ᠢᠷᠡᠨ᠂ ᠢᠷᠠᠭᠤ ᠭᠤᠶᠢᠳᠠ ᠬᠥᠳᠡᠯᠭᠡᠭᠡᠨ ᠢᠶᠠᠷ ︽ᠪᠢ ᠠᠳᠤᠭᠤᠴᠢᠨ ᠬᠥᠮᠥᠨ︾ ᠬᠡᠮᠡᠭᠰᠡᠨ ᠡᠵᠡᠨ ᠬᠥᠮᠥᠨ ᠤ ᠡᠷᠬᠢᠮᠰᠦᠭ ᠣᠪᠣᠷ ᠢᠶᠠᠷ ᠬᠤᠶᠠᠷ ᠭᠠᠷ ᠢᠶᠠᠨ ᠡᠷᠭᠦᠨ ᠠᠮᠠ ᠳᠦᠭᠦᠷᠡᠩ ᠠᠳᠤᠭᠤᠳ ᠢᠶᠠᠨ ᠳᠠᠭᠤᠳᠠᠨ ᠪᠥᠵᠢᠭᠯᠡᠵᠦ᠂ ᠲᠦᠷ ᠲᠦᠷ ᠬᠡᠮᠡᠨ ᠠᠶᠠᠯᠭᠤᠳᠠᠬᠤ ᠨᠢ ᠮᠣᠷᠢ ᠬᠥᠮᠥᠨ ᠬᠤᠶᠠᠷ ᠨᠡᠪᠲᠡᠷᠡᠯᠴᠡᠬᠦ ᠤᠨᠴᠠᠭᠠᠢ ᠬᠠᠷᠢᠯᠴᠠᠭ᠎ᠠ ᠬᠤᠯᠪᠤᠭ᠎ᠠ ᠶᠢ ᠢᠯᠡᠳᠬᠡᠭᠰᠡᠨ ᠪᠥᠭᠡᠳ ᠪᠠᠰᠠ ᠬᠠᠶᠢᠷ᠎ᠠ ᠰᠡᠳᠬᠢᠯ ᠤᠨ ᠬᠢᠨᠢ ᠢᠯᠡᠳᠬᠡᠯ ᠳᠦᠷᠰᠦᠯᠡᠯ ᠪᠣᠯᠤᠭᠰᠠᠨ ᠪᠠᠶᠢᠨ᠎ᠠ᠃ ᠪᠥᠵᠢᠭᠯᠡᠯ ᠤᠨ ᠳᠤᠮᠳᠠ ᠭᠦᠳᠡᠯᠪᠦᠷᠢ ᠨᠢ ᠬᠥᠩᠭᠡᠨ ᠴᠣᠪᠣᠭᠤᠯᠢᠭ ᠮᠥᠷᠲᠡᠭᠡᠨ ᠪᠥᠵᠢᠭ ᠤᠨ ᠭᠤᠣᠯ ᠬᠥᠳᠡᠯᠭᠡᠭᠡᠨ ᠨᠢ ᠳᠠᠯᠤ ᠮᠥᠷᠥᠨ ᠤ ᠬᠥᠳᠡᠯᠭᠡᠭᠡᠨ᠂ ᠮᠥᠷᠥ ᠳᠠᠯᠤᠨ  ᠤ ᠰᠠᠬᠰᠤᠯᠵᠡᠨ ᠰᠡᠪᠭᠡᠯᠵᠡᠭᠦ᠂ ᠭᠠᠷ ᠭᠠᠷ ᠢᠶᠠᠨ ᠰᠤᠯᠪᠢᠴᠠᠨ ᠡᠷᠭᠢᠯᠳᠦᠬᠦ ᠪᠠᠷ ᠠᠮᠢᠰᠬᠤᠯ ᠤᠨ ᠬᠦᠴᠦᠯᠡᠴᠡ᠂ ᠵᠢᠴᠢ ᠪᠥᠵᠢᠭ ᠤᠨ ᠲᠦᠪᠰᠢᠨ ᠢ ᠥᠨᠳᠥᠷᠵᠢᠭᠦᠯᠦᠨ᠂ ᠰᠠᠶᠢᠪᠤᠷ ᠵᠢᠷᠤᠭᠠᠯᠢᠭ ᠬᠥᠩᠭᠡᠨ ᠪᠥᠵᠢᠭᠯᠡᠯ ᠤᠨ ᠳᠤᠮᠳᠠ ᠮᠣᠷᠢ ᠢᠨᠴᠠᠭᠠᠵᠤ᠂ ᠮᠣᠷᠢᠨ ᠤ ᠰᠦᠷ ᠵᠢᠪᠬᠤᠭᠠᠲᠤ ᠠᠯᠬᠤᠴᠠ᠂ ᠬᠤᠶᠢᠰᠢ ᠤᠷᠤᠭᠰᠢ ᠵᠡᠭᠦᠨᠰᠢ ᠪᠠᠷᠠᠭᠤᠨᠰᠢ ᠤᠯᠠᠨ ᠵᠦᠭ ᠴᠢᠭᠯᠡᠯ ᠤᠨ ᠲᠡᠶᠢᠰᠢ ᠲᠠᠶᠢᠰᠠᠨ ᠤ ᠵᠢᠷᠤᠭᠯᠠᠯ ᠤᠨ ᠬᠤᠪᠢᠷᠠᠯᠲᠠ ᠶᠢ ᠲᠠᠭᠠᠨ ᠪᠥᠵᠢᠭᠯᠡᠬᠦ ᠳᠤ ︽ᠵᠢᠷᠤᠭ᠎ᠠ ᠵᠢᠷᠤᠭ᠎ᠠ ᠵᠢᠷᠤᠭ᠎ᠠ ᠵᠢᠷᠤᠭ᠎ᠠ︾ ᠬᠡᠮᠡᠨ ᠲᠠᠭᠢᠨ ᠳᠠᠪᠲᠠᠨ ᠦᠭᠡ ᠬᠠᠪᠰᠤᠷᠭᠠᠨ ᠪᠥᠵᠢᠭ ᠤᠨ ᠬᠥᠳᠡᠯᠭᠡᠭᠡᠨ ᠳᠡᠭᠡᠨ ᠵᠣᠬᠢᠴᠠᠭᠤᠯᠤᠭᠰᠠᠨ ᠨᠢ ᠮᠠᠰᠢ ᠭᠤᠶᠤ ᠪᠣᠯᠵᠤ᠂ ᠪᠥᠵᠢᠭ ᠤᠨ ᠬᠢᠷᠢ ᠭᠡᠮ ᠢ ᠥᠨᠳᠥᠷ ᠲᠦᠪᠰᠢᠨ ᠳᠤ ᠬᠦᠷᠭᠡᠭᠰᠡᠨ ᠪᠠᠶᠢᠨ᠎ᠠ᠃            ᠪᠦᠭᠦᠶᠢᠯᠨ ᠪᠥᠵᠢᠭ ᠤᠨ ᠠᠶᠠᠯᠭᠤ᠂ ᠬᠥᠭᠵᠢᠮ ᠤᠨ ᠵᠣᠬᠢᠴᠠᠭᠤᠯᠤᠯᠲᠠ ᠪᠣᠯᠣᠨ ᠪᠥᠵᠢᠭ ᠢ ᠨᠠᠶᠢᠷᠠᠭᠤᠯᠤᠨ ᠤᠳᠤᠷᠢᠳᠤᠭᠠᠭᠰᠠᠨ ᠲᠠᠯ᠎ᠠ ᠠᠴᠠ ᠠᠪᠴᠤ ᠬᠡᠯᠡᠬᠦ ᠳᠤ ᠮᠡᠷᠭᠡᠵᠢᠯ ᠤᠨ ᠪᠤᠳᠤᠯᠢᠶᠠᠨᠲᠤ ᠲᠦᠪᠰᠢᠨ ᠠᠴᠠ ᠵᠠᠶᠢᠯᠠᠰᠬᠢᠵᠦ᠂ ᠭᠡᠳᠡᠷᠭᠦ ᠪᠠᠨ ᠬᠠᠷᠢᠨ ᠠᠮᠢᠳᠤᠷᠠᠯ ᠠᠬᠤᠢ ᠶᠢᠨ ᠰᠣᠳᠣᠨ ᠲᠡᠮᠳᠡᠭ ᠢᠶᠠᠷ ᠮᠠᠰᠢ ᠭᠤᠶᠢᠳᠠ ᠰᠡᠪᠡᠭᠦᠨ ᠪᠥᠵᠢᠭᠯᠡᠯ ᠤᠨ ᠬᠥᠳᠡᠯᠭᠡᠭᠡᠨ ᠤ ᠦᠭᠡ ᠭᠡᠯᠡ ᠶᠢ ᠪᠦᠲᠦᠭᠡᠵᠦ ᠦᠵᠡᠭᠴᠢᠳ ᠲᠤ ᠦᠵᠡᠭᠦᠯᠵᠦ ᠴᠢᠳᠠᠭᠰᠠᠨ ᠪᠠᠶᠢᠨ᠎ᠠ᠃ ᠡᠨᠡ ᠨᠢ ︽ᠬᠡᠳᠦᠢ ᠦᠨᠳᠦᠰᠦᠲᠡᠨ ᠤ ᠬᠢ ᠪᠣᠯ ᠲᠡᠳᠦᠢ ᠳᠡᠯᠡᠬᠡᠢ ᠶᠢᠨ ᠪᠤᠯᠳᠠᠭ︾ ᠬᠡᠮᠡᠬᠦ ᠦᠭᠡ ᠶᠢ ᠡᠷᠬᠡ ᠦᠭᠡᠢ ᠪᠤᠳᠤᠬᠳᠠᠭᠤᠯᠤᠨ᠎ᠠ᠃            ᠶᠡᠷᠦᠩᠬᠡᠢ ᠱᠦᠵᠢ ᠰᠢ ᠶᠢᠨ ᠫᠢᠩ ︽ᠮᠣᠩᠭᠤᠯ ᠮᠣᠷᠢᠨ ᠤ ᠵᠣᠷᠢᠭ ᠰᠠᠨᠠᠭ᠎ᠠ︾ ᠬᠡᠮᠡᠬᠦ ᠦᠭᠡ ᠶᠢ ᠳᠤᠷᠠᠳᠤᠭᠰᠠᠨ ᠪᠠᠶᠢᠳᠠᠭ᠃ ᠮᠠᠨ ᠤ ᠴᠠᠭ ᠡᠷᠢᠨ ᠪᠣᠯ ᠮᠣᠷᠢᠨ ᠤ ᠳᠠᠪᠬᠢᠭ᠎ᠠ ᠮᠡᠲᠦ ᠪᠠᠷ ᠲᠦᠷᠭᠡᠨ ᠬᠥᠭᠵᠢᠵᠦ᠂ ᠪᠠᠰᠠ ᠲᠦᠪᠰᠢᠨ ᠬᠥᠭᠵᠢᠵᠦ ᠪᠠᠶᠢᠭ᠎ᠠ ᠴᠠᠭ ᠦᠶ᠎ᠡ ᠶᠤᠮ᠃ ᠤᠷᠠᠯᠢᠭ ᠰᠣᠶᠣᠯ ᠨᠢ ᠶᠡᠷᠦ ᠠᠴᠠ ᠡᠷᠢᠨ ᠴᠠᠭ ᠤᠨ ᠵᠣᠷᠢᠭ ᠰᠠᠨᠠᠭᠠᠨ ᠤ ᠪᠡᠯᠭᠡ ᠲᠡᠮᠳᠡᠭ ᠪᠣᠯᠵᠤ ᠪᠥᠵᠢᠭ ᠳᠠᠭᠤᠤ ᠨᠢ ᠴᠠᠭ ᠦᠶ᠎ᠡ ᠪᠠᠨ ᠢᠯᠡᠳᠬᠡᠨ᠂ ᠦᠶ᠎ᠡ ᠦᠶ᠎ᠡ ᠶᠢᠨ ᠬᠥᠮᠥᠰ  ᠢ ᠵᠣᠷᠢᠭᠵᠢᠭᠤᠯᠤᠨ᠂ ᠪᠠᠰᠠ ᠴᠠᠭ ᠦᠶ᠎ᠡ ᠶᠢᠨ ᠢᠶᠠᠨ ᠳᠦᠷᠢ ᠲᠥᠷᠬᠦ ᠨᠢ ᠪᠣᠯᠣᠭᠰᠠᠭᠠᠷ ᠢᠷᠡᠭᠰᠡᠨ ᠶᠤᠮ᠃          ᠡᠯ᠎ᠡ ᠦᠨᠳᠦᠰᠦᠲᠡᠨ ᠥᠪᠡᠷ ᠤᠨ ᠦᠨᠳᠦᠰᠦᠲᠡᠨ ᠤ ᠪᠠᠨ ᠥᠪ ᠰᠣᠶᠣᠯ ᠢ ᠠᠭᠤᠳᠠᠯᠤᠨ ᠵᠠᠯᠭᠠᠮᠵᠢᠯᠠᠨ ᠬᠠᠳᠠᠭᠠᠯᠠᠵᠤ ᠠᠪᠬᠤ ᠶᠢ ᠨᠠᠮ ᠲᠦᠷᠦ ᠠᠴᠠ ᠤᠳᠠᠭ᠎ᠠ ᠲᠠᠷᠠᠭ᠎ᠠ ᠪᠠᠷ ᠵᠢᠭᠠᠪᠤᠷᠢᠯᠠᠨ ᠱᠠᠭᠠᠷᠳᠠᠭᠰᠠᠭᠠᠷ ᠢᠷᠡᠭᠰᠡᠨ ᠶᠤᠮ᠃ ᠲᠤᠰ ᠪᠥᠵᠢᠭ ᠨᠢ ᠶᠠᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠠ ᠴᠣᠬᠤᠯᠠᠪᠤᠷᠢ ᠶᠢ ᠪᠥᠵᠢᠭ  ᠢᠶᠠᠷ ᠢᠯᠡᠷᠡᠭᠦᠯᠦᠭᠰᠡᠨ ᠪᠥᠭᠡᠳ ᠦᠨᠳᠦᠰᠦᠲᠡᠨ ᠤ ᠥᠪ ᠰᠣᠶᠣᠯ ᠢᠶᠠᠨ ᠠᠭᠤᠳᠠᠯᠤᠨ ᠭᠠᠷᠭᠠᠵᠤ ᠤᠯᠠᠨ ᠲᠦᠮᠡᠨ᠂ ᠨᠡᠶᠢᠭᠡᠮ ᠳᠠᠶᠠᠭᠠᠷ ᠲᠤ ᠦᠵᠡᠭᠦᠯᠵᠦ ᠴᠢᠳᠠᠭᠰᠠᠨ ᠪᠠᠶᠢᠨ᠎ᠠ᠃ ᠲᠤᠰ ᠪᠥᠵᠢᠭ ᠤᠨ ᠲᠡᠭᠦᠰᠬᠡᠯ ᠳᠤ ᠤᠯᠠᠨ ᠪᠥᠵᠢᠭᠴᠢᠳ ᠰᠡᠪᠡᠯᠵᠡᠨ ᠰᠡᠪᠡᠷᠡᠳᠡᠭ ᠨᠠᠮᠪᠠᠯᠢᠭ ᠪᠥᠵᠢᠭ ᠤᠨ ᠬᠥᠳᠡᠯᠭᠡᠭᠡᠨ ᠬᠢᠬᠦ ᠳᠤ᠂ ᠳᠤᠮᠳᠠ ᠠᠴᠠ ᠨᠢ ᠭᠠᠭᠴᠠ ᠡᠷᠡᠭᠲᠡᠢ ᠰᠤᠭᠤᠷᠠᠨ ᠵᠣᠭᠰᠣᠵᠤ ᠮᠠᠯᠠᠭᠠᠢ ᠪᠠᠨ ᠠᠪᠴᠤ ᠬᠥᠯᠥᠰᠦ ᠪᠠᠨ ᠠᠷᠴᠢᠬᠤ ᠪᠥᠵᠢᠭ ᠤᠨ ᠦᠭᠡ ᠭᠡᠯᠡ ᠲᠣᠬᠢᠷᠠᠭᠤᠯᠤᠭᠰᠠᠨ᠂ ᠵᠢᠴᠢ ᠬᠥᠰᠡᠷ᠎ᠡ ᠵᠠᠪᠢᠯᠠᠨ ᠰᠠᠭᠤᠵᠤ ᠴᠢᠩᠭ᠎ᠠ ᠪᠥᠭᠡᠳ ᠤᠶᠠᠩᠭᠠᠯᠢᠭ ᠢᠰᠭᠢᠷᠴᠤ ᠪᠠᠶᠢᠭ᠎ᠠ ᠪᠠᠷ ᠲᠡᠭᠦᠰᠬᠡᠭᠰᠡᠨ ᠵᠡᠷᠭᠡ ᠨᠢ ᠠᠮᠢᠳᠤᠷᠠᠯ ᠤᠨ ᠲᠣᠷᠭᠠᠨ ᠬᠥᠷᠥᠰᠥᠨ ᠠᠴᠠ ᠠᠮᠢᠯᠠᠯ ᠤᠨ ᠪᠥᠵᠢᠭ ᠪᠦᠲᠦᠵᠦ ᠠᠮᠤᠭᠤᠯᠠᠩ ᠲᠠᠶᠢᠪᠤᠩ ᠲᠠᠯ᠎ᠠ ᠨᠤᠲᠤᠭ ᠬᠠᠶᠢᠷ᠎ᠠ ᠪᠠᠷ ᠪᠢᠯᠬᠠᠵᠤ ᠠᠪᠤ ᠶᠢᠨ ᠰᠢᠷᠭ᠎ᠠ ᠮᠣᠷᠢ ᠲᠠᠢ ᠠᠳᠤᠭᠤᠴᠢᠨ ᠵᠠᠯᠠᠭᠤᠰ ᠦᠵᠡᠭᠳᠡᠭᠰᠡᠭᠡᠷ ᠦᠵᠡᠭᠳᠡᠭᠰᠡᠭᠡᠷ ᠁ ᠣᠭᠲᠠᠷᠭᠤᠢ ᠱᠤᠤᠭᠢᠮ᠎ᠠ ᠵᠢᠷᠤᠭ᠎ᠠ ᠶᠢᠨ ᠵᠢᠷᠤᠭ᠎ᠠ ᠰᠣᠨᠣᠰᠳᠠᠭᠰᠠᠭᠠᠷ᠂ ᠰᠣᠨᠣᠰᠳᠠᠭᠰᠠᠭᠠᠷ ᠁  ᠪᠠᠶᠢᠭ᠎ᠠ ᠳᠠᠭᠤᠰᠤᠰᠢ ᠦᠭᠡᠢ ᠰᠠᠨᠠᠭ᠎ᠠ᠂ ᠠᠷᠢᠯᠤᠰᠢ ᠦᠭᠡᠢ ᠳᠦᠷᠢ ᠵᠢᠷᠤᠭ ᠢ ᠦᠵᠡᠭᠴᠢᠳ ᠤᠨ ᠰᠡᠳᠬᠢᠯ ᠳᠤ ᠰᠡᠶᠢᠯᠪᠦᠷᠢᠯᠡᠵᠦ ᠴᠢᠳᠠᠭᠰᠠᠨ ᠭᠡᠵᠦ ᠦᠵᠡᠯᠲᠡᠢ᠃ᠠᠮᠢᠳᠤᠷᠠᠯ ᠤᠨ ᠲᠣᠷᠭᠠᠨ ᠬᠥᠷᠥᠰᠥᠨ ᠠᠴᠠᠠᠮᠢᠯᠠᠨ ᠪᠦᠲᠦᠭᠰᠡᠨ ᠪᠦᠷᠢᠯᠸ᠎ᠠ ᠶᠤ᠋ᠠᠯᠢ ᠡᠷᠲᠡᠨ ᠠᠴᠠ ᠮᠠᠷᠲᠠᠭᠳᠠᠭᠰᠠᠨ ᠢᠶᠠᠨᠠᠭᠤᠳᠠᠯᠤᠨ ᠦᠵᠡᠭᠦᠯᠦᠭᠰᠡᠨ ᠭᠠᠶᠢᠬᠠᠮᠰᠢᠭ ᠶᠤ᠋ᠮᠢᠩᠭᠠᠨ ᠮᠢᠩᠭᠠᠨ ᠬᠠᠷᠠᠭᠠᠨ ᠤ ᠮᠡᠯᠮᠡᠢ ᠳᠤᠮᠥᠩᠬᠡ ᠳᠤᠷᠠᠰᠤᠭᠳᠠᠬᠤ ᠦᠵᠡᠰᠭᠦᠯᠡᠩ ᠶᠤ᠋ᠪᠠᠶᠢᠭᠠᠯᠢᠯᠢᠭ ᠰᠣᠶᠣᠯ ᠤᠨ ᠢᠶᠠᠨ ᠷᠢᠳᠢ ᠰᠢᠳᠢ ᠳᠤᠪᠠᠳᠮ᠎ᠠ ᠯᠢᠩᠬᠤ᠎ᠠ ᠰᠢᠭ᠋ ᠳᠡᠯᠭᠡᠷᠡᠭᠡ ᠶᠤ᠋︕
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号