| | ᠠᠷᠢᠭᠤᠨ ᠪᠣᠯ ᠤᠷᠠᠳ ᠤᠨ ᠳᠤᠮᠳᠠᠳᠤ ᠬᠤᠰᠢᠭᠤᠨ ᠤ ᠲᠤᠷᠰᠢᠯᠲᠠ ᠶᠢᠨ ᠰᠤᠷᠭᠠᠭᠤᠯᠢ ᠶᠢᠨ ᠳᠠᠭᠤᠤ | ᠬᠥᠭᠵᠢᠮ ᠤᠨ ᠪᠠᠭᠰᠢ᠂ ᠪᠠᠭ᠎ᠠ ᠰᠤᠷᠭᠠᠭᠤᠯᠢ ᠶᠢᠨ ᠥᠨᠳᠥᠷ ᠵᠡᠷᠭᠡ ᠶᠢᠨ ᠪᠠᠭᠰᠢ ᠶᠢᠨ ᠴᠣᠯᠠ ᠲᠠᠢ᠂ ᠬᠤᠰᠢᠭᠤᠨ ᠤ | ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠳᠠᠭᠤᠷᠢᠯᠢᠭ ᠤᠨ ᠨᠡᠶᠢᠭᠡᠮᠯᠢᠭ ᠤᠨ ᠨᠠᠷᠢᠨ ᠪᠢᠴᠢᠭ ᠤᠨ ᠳᠠᠷᠤᠭ᠎ᠠ᠂ | ᠮᠥᠨᠴᠦ ︽ᠵᠠᠩᠭᠠᠷ︾ ᠢ ᠥᠪᠯᠡᠨ ᠤᠯᠠᠮᠵᠢᠯᠠᠵᠤ ᠶᠠᠪᠤᠭ᠎ᠠ ᠨᠢᠭᠡᠨ ᠵᠠᠩᠭᠠᠷᠴᠢ ᠶᠤᠮ᠃ | | | ᠲᠡᠷᠡ 2013 ᠣᠨ ᠳᠤ ᠠᠯᠠᠱᠠ᠂ ᠭᠦᠭᠡᠬᠤᠳᠠ ᠵᠡᠷᠭᠡ ᠭᠠᠵᠠᠷ ᠲᠤ ᠬᠦᠷᠴᠦ ᠲᠣᠪᠰᠢᠭᠤᠷ ᠬᠥᠭᠵᠢᠮ | ᠰᠤᠷᠤᠬᠰᠠᠨ ᠢᠶᠠᠷ᠂ 2015 ᠣᠨ ᠳᠤ ᠰᠤᠷᠭᠠᠭᠤᠯᠢ ᠳᠠᠭᠠᠨ ︽ᠪᠠᠶᠠᠰᠬᠤᠯᠠᠩᠲᠤ︾ ᠲᠣᠪᠰᠢᠭᠤᠷ ᠤᠨ ᠠᠩᠭᠢ | ᠪᠠᠶᠢᠭᠤᠯᠵᠤ᠂ ᠡᠬᠢᠨ ᠳᠡᠭᠡᠨ 6 ᠰᠤᠷᠤᠬᠴᠢ ᠲᠠᠢ ᠪᠠᠶᠢᠭᠰᠠᠨ ᠠᠴᠠ ᠪᠠᠨ ᠣᠳᠣ ᠪᠤᠯᠬᠤ ᠳᠤ 300 ᠭᠠᠷᠤᠢ | ᠰᠤᠷᠤᠬᠴᠢ ᠲᠠᠢ ᠪᠣᠯᠵᠠᠢ᠃ 2019 ᠣᠨ ᠳᠤ ᠤᠷᠠᠨ᠎ᠠ ᠪᠠᠭᠰᠢ ᠠᠴᠠ ᠬᠤᠪᠢᠰ ᠬᠥᠭᠵᠢᠮ ᠰᠤᠷᠴᠤ᠂ 2021 | ᠣᠨ ᠳᠤ ᠰᠤᠷᠭᠠᠭᠤᠯᠢ ᠳᠠᠭᠠᠨ ︽ᠤᠶᠠᠩᠭᠠᠲᠤ︾ ᠬᠤᠪᠢᠰ ᠤᠨ ᠠᠩᠭᠢ ᠶᠢ ᠪᠠᠶᠢᠭᠤᠯᠵᠤ᠂ ᠰᠤᠷᠤᠬᠴᠢᠳ ᠲᠠᠭᠠᠨ | ᠵᠢᠭᠠᠵᠤ ᠡᠬᠢᠯᠡᠭᠰᠡᠨ ᠪᠠᠶᠢᠨ᠎ᠠ᠃ | | | 2019 ᠣᠨ ᠳᠤ᠂ ᠠᠷᠢᠭᠤᠨ ᠪᠠᠭᠰᠢ ᠰᠤᠷᠤᠬᠴᠢᠳ ᠢᠶᠠᠨ ᠳᠠᠭᠠᠭᠤᠯᠤᠨ ᠪᠦᠭᠦ ᠣᠷᠣᠨ ᠤ ᠪᠠᠭ᠎ᠠ | ᠰᠤᠷᠭᠠᠭᠤᠯᠢ ᠶᠢᠨ ᠪᠦᠯᠦᠭ ᠤᠨ ︽ᠵᠠᠩᠭᠠᠷ︾ ᠬᠠᠶᠢᠯᠠᠬᠤ ᠲᠤᠬᠯᠠᠯᠳᠠ ᠦᠵᠡᠭᠦᠯᠭᠡ ᠳᠤ ᠤᠷᠤᠯᠴᠠᠵᠤ ᠭᠤᠷᠪᠠᠳᠤᠭᠠᠷ | ᠲᠡᠰ ᠤᠨ ᠱᠠᠩᠨᠠᠯ ᠢ ᠬᠦᠷᠲᠡᠵᠦ᠂ ᠥᠪᠡᠷᠲᠡᠭᠡᠨ ︽ᠰᠢᠯᠢᠳᠡᠭ ᠵᠢᠭᠠᠨ ᠵᠢᠯᠣᠭᠤᠳᠤᠭᠴᠢ︾ ᠶᠢᠨ ᠱᠠᠩᠨᠠᠯ ᠢ ᠲᠤᠰᠴᠠᠢ᠃ | ᠤᠷ᠎ᠠ ᠮᠡᠷᠭᠡᠵᠢᠯ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠭᠦ ᠶᠢᠨ ᠲᠥᠯᠥᠭᠡ᠂ ᠠᠷᠢᠭᠤᠨ ᠪᠠᠭᠰᠢ 2020 | ᠣᠨ ᠳᠤ ︽ᠲᠤᠮᠳᠠᠳᠤ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠥᠪᠯᠡᠨ ᠤᠯᠠᠮᠵᠢᠯᠠᠭᠴᠢᠳ ᠤᠨ | ᠰᠤᠳᠤᠯᠤᠨ ᠰᠤᠷᠤᠯᠴᠠᠵᠤ ᠪᠤᠯᠪᠠᠰᠤᠷᠠᠭᠤᠯᠬᠤ ᠲᠥᠯᠥᠪᠯᠡᠭᠡ︾᠂ ︽ᠵᠠᠩᠭᠠᠷ︾ ᠤᠯᠠᠮᠵᠢᠯᠠᠭᠴᠢᠳ ᠤᠨ ᠰᠤᠳᠤᠯᠤᠨ | ᠪᠣᠯᠪᠠᠰᠤᠷᠠᠬᠤ ᠠᠩᠭᠢ ᠳᠤ ᠤᠷᠤᠯᠴᠠᠵᠤ᠂ 2023 ᠣᠨ ᠳᠤ ︽ᠪᠦᠭᠦ ᠣᠷᠣᠨ ᠤ ᠪᠠᠭᠰᠢ ᠨᠠᠷ ᠤᠨ︿ᠵᠠᠩᠭᠠᠷ﹀ ᠤᠨ | ᠪᠣᠯᠪᠠᠰᠤᠷᠠᠯ ᠤᠨ ᠠᠩᠭᠢ︾ ᠶᠢᠨ ᠰᠤᠷᠤᠯᠴᠠᠯᠭ᠎ᠠ ᠳᠤ ᠦᠷᠭᠦᠯᠵᠢᠯᠡᠨ ᠣᠷᠣᠯᠴᠠᠵᠠᠢ᠃ | | | ︽ᠤᠷᠤᠰᠬᠠᠯ ᠡᠬᠢ ᠲᠠᠢ᠂ ᠤᠳᠤᠮᠰᠢᠯ ᠦᠨᠳᠦᠰᠦ ᠲᠠᠢ︾ᠭᠡᠳᠡᠭ ᠢᠶᠠᠷ ᠡᠨᠡᠬᠦ ᠤᠳᠬ᠎ᠠ ᠠᠭᠤᠯᠭ᠎ᠠ ᠲᠠᠢ | ᠠᠵᠢᠯᠯᠠᠭ᠎ᠠ ᠳᠤ ᠠᠷᠢᠭᠤᠨ ᠪᠠᠭᠰᠢ ᠤᠳᠠᠭᠠᠨ ᠵᠢᠯ ᠰᠡᠳᠬᠢᠯ ᠢᠶᠠᠨ ᠵᠦᠳᠡᠷᠡᠭᠡᠨ᠂ ᠦᠨᠳᠦᠰᠦᠲᠡᠨ ᠤ ᠥᠪ ᠰᠣᠶᠣᠯ | ᠢᠵᠠᠭᠤᠷ ᠤᠷᠠᠯᠢᠭ ᠢᠶᠠᠨ ᠤᠯᠠᠮᠵᠢᠯᠠᠨ ᠬᠥᠭᠵᠢᠭᠦᠯᠬᠦ ᠳᠤ ᠬᠥᠯᠥᠰᠦ ᠪᠠᠨ ᠤᠷᠤᠰᠬᠠᠨ᠂ ᠬᠦᠴᠦ ᠪᠠᠨ ᠡᠷᠭᠦᠵᠦ᠂ ᠣᠳᠣ | ᠪᠤᠯᠬᠤ ᠳᠤ ᠵᠠᠭᠤ ᠭᠠᠷᠤᠢ ︽ᠵᠠᠩᠭᠠᠷ︾ ᠪᠠ ᠲᠣᠪᠰᠢᠭᠤᠷ ᠬᠥᠭᠵᠢᠮ ᠳᠤ ᠳᠤᠷ᠎ᠠ ᠪᠠᠬ᠎ᠠ ᠲᠠᠢ ᠰᠤᠷᠤᠬᠴᠢᠳ ᠢ | ᠬᠥᠮᠥᠵᠢᠭᠦᠯᠦᠨ ᠭᠠᠷᠭᠠᠵᠤ᠂ ᠤᠷᠢᠳ ᠬᠤᠵᠢᠳ ᠤᠯᠠᠨ ᠤᠳᠠᠭ᠎ᠠ ᠪᠠᠭᠠᠴᠤᠳ ᠬᠡᠦᠬᠡᠳ ᠤᠨ ᠴᠠᠭᠠᠨ ᠰᠠᠷ᠎ᠠ ᠶᠢᠨ | ᠦᠳᠡᠰᠢᠯᠡᠭᠡ᠂ ᠲᠠᠯ᠎ᠠ ᠨᠤᠲᠤᠭ ᠤᠨ ᠰᠣᠶᠣᠯ ᠤᠷᠠᠯᠢᠭ ᠤᠨ ᠨᠠᠶᠢᠷ ᠲᠤ ᠣᠷᠣᠯᠴᠠᠵᠤ᠂ ᠬᠤᠰᠢᠭᠤ᠂ ᠬᠤᠲᠠ᠂ | ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠳᠤ ᠴᠦ ᠣᠯᠠᠨᠲᠠ ᠣᠷᠣᠯᠴᠠᠨ ᠰᠢᠯᠢᠳᠡᠭ ᠬᠢᠷᠢ ᠪᠦᠲᠦᠮᠵᠢ | ᠣᠯᠣᠭᠰᠠᠭᠠᠷ ᠢᠷᠡᠵᠡᠢ᠃ | |