| | 2 ᠰᠠᠷ᠎ᠠ ᠶᠢᠨ 21 ᠤ ᠣᠷᠣᠢ᠂ ︽ᠤᠮᠠᠷᠠᠲᠤ ᠬᠢᠯᠢ ᠶᠢᠨ ᠰᠣᠶᠣᠯ ᠢ ᠪᠠᠳᠠᠷᠠᠭᠤᠯᠤᠨ ᠳᠤᠮᠳᠠᠳᠤ ᠶᠢᠨ | ᠰᠣᠶᠣᠯ ᠤᠨ ᠤᠯᠠᠮᠵᠢᠯᠠᠯ ᠢ ᠵᠠᠯᠭᠠᠮᠵᠢᠯᠠᠬᠤ︾ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠤ ᠠᠷᠠᠳ ᠲᠤ ᠠᠰᠢᠭ ᠬᠦᠷᠲᠡᠭᠡᠬᠦ ᠤᠷᠠᠨ ᠰᠠᠶᠢᠬᠠᠨ ᠤ ᠲᠣᠬᠯᠠᠯᠲᠠ ᠶᠢᠨ ᠨᠢᠭᠡ | ᠠᠭᠤᠯᠭ᠎ᠠ ᠪᠤᠯᠬᠤ ︽ᠲᠠᠪᠤᠨ ᠲᠠᠩᠰᠤᠭ ᠬᠥᠯᠥᠨ ᠪᠤᠶᠢᠷ︾ ᠬᠡᠦᠬᠡᠳ ᠤᠨ ᠨᠠᠶᠢᠷᠠᠯ ᠳᠠᠭᠤᠤ ᠶᠢᠨ ᠪᠦᠯᠭᠦᠮ ᠤᠨ | ᠲᠤᠰᠬᠠᠢ ᠲᠣᠬᠯᠠᠯᠲᠠ ᠶᠠᠪᠤᠭᠳᠠᠪᠠ᠃ | | | | | | ᠲᠤᠬᠯᠠᠯᠲᠠ ᠶᠢᠨ ᠠᠬᠤᠢ ᠲᠠᠯᠠᠪᠠᠢ | ᠰᠤᠷᠪᠤᠯᠵᠢᠯᠠᠬᠴᠢ ᠴᠧᠩ ᠶᠢᠩ ᠵᠢᠶᠦ᠋ᠨ ᠰᠡᠭᠦᠳᠡᠷᠯᠡᠪᠡ | | | ᠲᠣᠬᠯᠠᠯᠲᠠ ᠨᠢ ᠤᠶᠠᠩᠭᠠᠲᠤ ᠰᠠᠶᠢᠬᠠᠨ ᠠᠶ᠎ᠠ ᠳᠠᠭᠤᠤ ︽ᠤᠯᠠᠯᠵᠢ︾ ᠪᠠᠷ ᠬᠥᠰᠢᠭᠡ ᠪᠠᠨ ᠰᠡᠬᠦᠯ᠎ᠡ᠃ ᠡᠨᠡ ᠬᠦ | ᠨᠤᠲᠤᠭ ᠤᠨ ᠮᠠᠭᠲᠠᠭᠠᠯ ᠳᠠᠭᠤᠤ ᠨᠢ ᠬᠡᠦᠬᠡᠳ ᠤᠳ ᠲᠤ ᠣᠨᠴᠠᠭᠠᠢ ᠠᠴᠢ ᠬᠤᠯᠪᠣᠭᠳᠠᠯ ᠲᠠᠢ ᠶᠤᠮ᠃ ᠲᠦᠷᠦᠭᠦᠬᠡᠨ | ᠶᠠᠪᠤᠭᠳᠠᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ︽ᠲᠠᠪᠤᠨ ᠲᠠᠩᠰᠤᠭ ᠬᠥᠯᠥᠨ ᠪᠤᠶᠢᠷ︾ ᠬᠡᠦᠬᠡᠳ ᠤᠨ ᠨᠠᠶᠢᠷᠠᠯ | ᠳᠠᠭᠤᠤ ᠶᠢᠨ ᠪᠦᠯᠭᠦᠮ ᠮᠥᠨ ︽ᠤᠯᠠᠯᠵᠢ︾ ᠭᠡᠬᠦ ᠨᠠᠶᠢᠷᠠᠯ ᠳᠠᠭᠤᠤ ᠪᠠᠨ ᠡᠷᠭᠦᠭᠰᠡᠨ ᠪᠠᠶᠢᠨ᠎ᠠ᠃ | | | ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ 53 ᠬᠡᠦᠬᠡᠳ ᠤᠨ ᠳᠣᠲᠣᠷᠠᠬᠢ ᠬᠠᠮᠤᠭ ᠤᠨ ᠶᠡᠭᠡ | ᠨᠢ 12 ᠨᠠᠰᠤᠲᠠᠢ᠂ ᠬᠠᠮᠤᠭ ᠤᠨ ᠪᠠᠭ᠎ᠠ ᠨᠢ 5 ᠨᠠᠰᠤᠲᠠᠢ ᠪᠠᠶᠢᠯ᠎ᠠ᠃ ︽ᠲᠠᠪᠤᠨ ᠲᠠᠩᠰᠤᠭ ᠬᠥᠯᠥᠨ ᠪᠤᠶᠢᠷ︾ | ᠬᠡᠦᠬᠡᠳ ᠤᠨ ᠨᠠᠶᠢᠷᠠᠯ ᠳᠠᠭᠤᠤ ᠶᠢᠨ ᠪᠦᠯᠭᠦᠮ ᠤᠨ ᠬᠠᠷᠢᠭᠤᠴᠠᠯᠭᠠᠲᠠᠨ ᠲᠦᠩ ᡁᠢ ᠹᠧᠩ᠄ ︽︿ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ﹀ ᠮᠠᠨ ᠤ | ᠨᠤᠲᠤᠭ ᠬᠥᠯᠥᠨ ᠪᠤᠶᠢᠷ ᠲᠤ ᠶᠠᠪᠤᠭᠳᠠᠵᠤ᠂ ︿ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ﹀ ᠤ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠳᠤ ᠬᠡᠦᠬᠡᠳ ᠤᠳ ᠮᠠᠨᠢ | ᠮᠠᠰᠢ ᠪᠠᠶᠠᠷᠯᠠᠵᠤ᠂ ᠣᠮᠣᠭᠰᠢᠵᠤ ᠪᠠᠶᠢᠨ᠎ᠠ᠂ ᠬᠠᠮᠤᠭ ᠤᠨ ᠰᠠᠶᠢᠨ ᠲᠣᠬᠯᠠᠯᠲᠠ ᠶᠢᠨ ᠦᠷ᠎ᠡ ᠪᠦᠲᠦᠮᠵᠢ ᠣᠯᠬᠤ ᠶᠢᠨ | ᠲᠥᠯᠥᠭᠡ ᠬᠡᠦᠬᠡᠳ ᠤᠳ ᠴᠥᠮ ᠮᠠᠰᠢ ᠬᠠᠲᠠᠭᠤᠵᠢᠯᠲᠠᠢ ᠪᠣᠯᠪᠠᠰᠤᠷᠠᠪᠠ︾ ᠭᠡᠵᠦ ᠶᠠᠷᠢᠯ᠎ᠠ᠃ | | | ᠲᠤᠰᠬᠠᠢ ᠲᠣᠬᠯᠠᠯᠲᠠ ᠳᠤ᠂ ︽ᠲᠠᠪᠤᠨ ᠲᠠᠩᠰᠤᠭ ᠬᠥᠯᠥᠨ ᠪᠤᠶᠢᠷ︾ ᠬᠡᠦᠬᠡᠳ ᠤᠨ ᠨᠠᠶᠢᠷᠠᠯ ᠳᠠᠭᠤᠤ ᠶᠢᠨ | ᠪᠦᠯᠭᠦᠮ ᠤᠨ ᠬᠡᠦᠬᠡᠳ ᠤᠳ ︽ᠭᠠᠨᠳᠢ ᠶᠢᠨ ᠮᠣᠳᠣ︾᠂ ︽ᠥᠯᠥᠭᠡᠢ ᠨᠤᠲᠤᠭ︾ ᠵᠡᠷᠭᠡ ᠳᠠᠭᠤᠤ ᠪᠠᠨᠡᠷᠭᠦᠵᠦ᠂ | ᠬᠡᠦᠬᠡᠳ ᠤᠨ ᠢᠷᠠᠭᠤ ᠴᠡᠭᠡᠯᠬᠡᠨ ᠠᠶ᠎ᠠ ᠲᠠᠭᠤᠨ ᠠᠴᠠ ᠲᠠᠯ᠎ᠠ ᠨᠤᠲᠤᠭ ᠤᠨ ᠥᠷᠭᠡᠨ ᠠᠭᠤᠳᠠᠮ᠂ ᠠᠭᠤᠯᠠ | ᠬᠠᠶᠢᠷᠬᠠᠨ ᠤ ᠰᠦᠷᠯᠢᠭ ᠰᠠᠶᠢᠬᠠᠨ ᠪᠠ ᠡᠬᠡ ᠨᠤᠲᠤᠭ ᠢᠶᠠᠨ ᠮᠥᠷᠥᠭᠡᠳᠦᠨ ᠰᠠᠨᠠᠭᠠᠯᠵᠠᠬᠤ ᠰᠡᠳᠬᠢᠯᠭᠡ ᠶᠢ ᠢᠯᠡᠳᠬᠡᠵᠦ᠂ | ᠦᠵᠡᠭᠴᠢᠳ ᠤᠯᠠᠨ ᠤ ᠪᠠᠭ᠋ᠠᠷᠬᠠᠯ ᠳᠤ ᠭᠦᠷᠪᠠ᠃ |