ᠣᠶᠤᠲᠠᠳ ᠤᠨ ᠲᠦᠷ ᠴᠠᠭ ᠤᠨ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ ︽ᠰᠤᠷᠭᠠᠭᠤᠯᠢ ᠡᠬᠢᠯᠡᠬᠦ ᠤᠯᠠᠷᠢᠯ︾ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/2/26
     ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠶᠡᠭᠡ ᠰᠤᠷᠭᠠᠭᠤᠯᠢ ᠶᠢᠨ ᠬᠤᠲᠠ ᠶᠢᠨ ᠳᠣᠲᠣᠷᠠᠬᠢ ᠡᠯ᠎ᠡ ᠳᠡᠭᠡᠳᠦ ᠰᠤᠷᠭᠠᠭᠤᠯᠢ ᠶᠢᠨ 20 ᠭᠠᠷᠤᠢ ᠲᠦᠮᠡᠨ ᠣᠶᠤᠲᠠᠳ ᠤᠨ ᠰᠤᠷᠭᠠᠭᠤᠯᠢ ᠳᠤ ᠪᠤᠴᠠᠬᠤ ᠱᠠᠭᠠᠷᠳᠠᠯᠭ᠎ᠠ ᠶᠢ ᠪᠠᠲᠤᠯᠠᠬᠤ ᠶᠢᠨ ᠲᠥᠯᠥᠭᠡ᠂ ᠶᠡᠭᠡ ᠰᠤᠷᠭᠠᠭᠤᠯᠢ ᠶᠢᠨ ᠰᠤᠷᠤᠭᠴᠢᠳ ᠲᠤ ᠳᠥᠭᠦᠮ ᠳᠥᠲᠡ᠂ ᠱᠢᠭᠤᠳ ᠨᠡᠪᠲᠡᠷᠡᠬᠦ ᠭᠠᠳᠠᠭᠱᠢ ᠭᠠᠷᠬᠤ ᠦᠢᠯᠡᠴᠢᠯᠡᠭᠡ ᠬᠠᠩᠭᠠᠬᠤ ᠶᠢᠨ ᠲᠤᠰᠠᠳᠠ᠂ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠥᠬᠡᠬᠤᠲᠠ ᠥᠷᠲᠡᠭᠡ᠂ ᠳ᠋ᠦᠩ ᠠᠶᠠᠨᠴᠢᠳ ᠤᠨ ᠥᠷᠲᠡᠭᠡ ᠶᠢᠨ ᠰᠧ ᠨᠢᠦ ᠥᠷᠲᠡᠭᠡ ( ᠨᠠᠨ ᠠᠭᠤᠳᠠᠮ ᠲᠠᠯᠠᠪᠠᠢ)᠂ ᠨᠢᠰᠬᠡᠯ ᠦᠨ ᠪᠠᠭᠤᠳᠠᠯ ᠵᠡᠷᠭᠡ  ᠨᠢ ᠶᠡᠭᠡ ᠰᠤᠷᠭᠠᠭᠤᠯᠢ ᠶᠢᠨ ᠬᠤᠲᠠ ᠳᠤ ᠨᠡᠪᠲᠡᠷᠡᠬᠦ ᠲᠦᠷ ᠴᠠᠭ ᠤᠨ ᠨᠡᠶᠢᠲᠡ ᠶᠢᠨ ᠵᠠᠮ ᠬᠠᠷᠢᠯᠴᠠᠭᠠᠨ ᠤ ᠲᠤᠰᠭᠠᠢ ᠱᠤᠭᠤᠮ ᠢ ᠨᠠᠪᠲᠠᠷᠡᠭᠦᠯᠵᠦ᠂ ᠪᠢᠯᠧᠲ ᠦᠨ᠎ᠡ ᠨᠢ ᠨᠢᠭᠡ ᠲᠥᠭᠦᠷᠢᠭ ᠪᠣᠯᠣᠨ᠎ᠠ᠃          ᠣᠶᠢᠯᠠᠭᠠᠭᠰᠠᠨ ᠢᠶᠠᠷ᠂ ᠣᠶᠤᠲᠠᠳ ᠤᠨ ᠲᠦᠷ ᠴᠠᠭ ᠤᠨ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ 2 ᠳ᠋ᠤᠭᠠᠷ ᠰᠠᠷ᠎ᠠ ᠶᠢᠨ 23 ᠤ ᠡᠳᠦᠷ ᠠᠴᠠ 26 ᠤ ᠡᠳᠦᠷ ᠪᠣᠯᠲᠠᠯ᠎ᠠ᠂ 3 ᠳ᠋ᠤᠭᠠᠷ ᠰᠠᠷ᠎ᠠ ᠶᠢᠨ 1 ᠤ ᠡᠳᠦᠷ ᠠᠴᠠ 3 ᠤ ᠡᠳᠦᠷ ᠪᠣᠯᠲᠠᠯ᠎ᠠ ᠨᠡᠶᠢᠲᠡ 7 ᠡᠳᠦᠷ ᠲᠡᠷᠭᠡ ᠨᠡᠪᠲᠡᠷᠡᠨ᠎ᠡ︔ ᠡᠳᠦᠷ ᠪᠦᠷᠢ ᠶᠢᠨ 9 ᠴᠠᠭ ᠠᠴᠠ 19 ᠴᠠᠭ 30 ᠮᠢᠨᠦ᠋ᠲ᠂ ᠲᠡᠷᠭᠡ 30 ᠮᠢᠨᠦ᠋ᠲ ᠠᠯᠤᠰᠯᠠᠨ᠎ᠠ᠃ ᠬᠤᠶᠢᠰᠢᠳᠠ ᠪᠣᠳᠠᠲᠤ ᠪᠠᠶᠢᠳᠠᠯ ᠢ ᠦᠨᠳᠦᠰᠦᠯᠡᠨ ᠲᠡᠷᠭᠡ ᠲᠦᠭᠡᠭᠡᠬᠦ ᠳᠤ ᠲᠣᠬᠢᠷᠠᠭᠤᠯᠤᠯᠲᠠ ᠬᠢᠬᠦ ᠪᠣᠯᠣᠨ᠎ᠠ᠃ ᠡᠬᠢᠯᠡᠯᠲᠡ ᠶᠢᠨ ᠥᠷᠲᠡᠭᠡ ᠨᠢ ᠲᠣᠰ ᠲᠣᠰ ᠬᠥᠬᠡᠬᠤᠲᠠ ᠥᠷᠲᠡᠭᠡ᠂ ᠵᠡᠭᠦᠨ ᠠᠶᠠᠨᠴᠢᠳ ᠤᠨ ᠥᠷᠲᠡᠭᠡ ᠶᠢᠨ ᠭᠠᠵᠠᠷ ᠳᠣᠣᠷᠠᠬᠢ ᠬᠦᠢᠰᠦ ᠥᠷᠲᠡᠭᠡ ︵ᠡᠮᠦᠨ᠎ᠡ ᠠᠭᠤᠳᠠᠮ ᠲᠠᠯᠠᠪᠠᠶ︶ ᠪᠠ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠪᠠᠶᠢᠵᠤ᠂ ᠡᠴᠦᠰ ᠤᠨ ᠥᠷᠲᠡᠭᠡ ᠨᠢ ᠶᠡᠭᠡ ᠰᠤᠷᠭᠠᠭᠤᠯᠢ ᠶᠢᠨ ᠬᠤᠲᠠ ᠶᠢᠨ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠪᠠᠶᠢᠵᠤ᠂ ᠳᠤᠮᠳᠠ ᠨᠢ ᠵᠣᠭᠰᠣᠬᠤ ᠥᠷᠲᠡᠭᠡ ᠪᠠᠶᠢᠬᠤ ᠦᠭᠡᠢ᠂ ᠰᠢᠭᠤᠳ ᠬᠦᠷᠬᠦ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ ᠳᠤ ᠬᠠᠷᠢᠶᠠᠯᠠᠭᠳᠠᠨ᠎ᠠ᠃          ᠣᠶᠤᠲᠠᠳ ᠤᠨ ᠲᠦᠷ ᠴᠠᠭ ᠤᠨ ᠨᠡᠶᠢᠲᠡ ᠶᠢᠨ ᠮᠠᠰᠢᠨ ᠲᠡᠷᠭᠡᠨ ᠤ ᠲᠤᠰᠬᠠᠢ ᠱᠤᠭᠤᠮ ᠢ ᠨᠡᠪᠲᠡᠷᠡᠭᠦᠯᠦᠭᠰᠡᠨ  ᠨᠢ ᠭᠠᠳᠠᠷ ᠣᠷᠣᠨ ᠤ ᠰᠤᠷᠭᠠᠭᠤᠯᠢ ᠳᠠᠭᠠᠨ ᠪᠤᠴᠠᠭᠰᠠᠨ ᠣᠶᠤᠲᠠᠳ ᠤᠨ ᠶᠠᠪᠤᠵᠤ ᠰᠠᠭᠤᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠰᠤᠷᠤᠭᠴᠢᠳ ᠲᠤ ᠳᠥᠭᠦᠮ ᠳᠥᠲᠡ᠂ ᠰᠠᠭᠠᠳ ᠦᠭᠡᠢ ᠨᠡᠪᠲᠡᠷᠡᠬᠦ ᠦᠢᠯᠡᠴᠢᠯᠡᠭᠡ ᠬᠠᠩᠭᠠᠬᠤ ᠪᠣᠯᠣᠨ᠎ᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号