ᠮᠠᠨ ᠤ ᠣᠷᠣᠨ ᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠦᠷ᠎ᠡ ᠪᠦᠲᠦᠭᠡᠯ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ
ᠨᠡᠶᠢᠲᠡᠯᠡᠭᠰᠡᠨ ᠴᠠᠭ᠄
2024/2/26
     ᠥᠪᠥᠷ ᠮᠣᠩᠭᠤᠯ ᠵᠢᠴᠢ ᠡᠷᠭᠢᠨ ᠲᠣᠭᠤᠷᠢᠨ ᠤ ᠮᠤᠵᠢ ᠣᠷᠣᠨ ᠤ 2.6 ᠳ᠋ᠦᠩᠰᠢᠭᠤᠷ ᠮᠦ ᠲᠠᠷᠢᠶᠠᠨ ᠭᠠᠵᠠᠷ ᠢ ᠪᠦᠳᠦᠮᠵᠢᠳᠠᠢ ᠬᠠᠮᠠᠭᠠᠯᠠᠵᠤ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢ ᠳᠡᠭᠡᠭᠰᠢᠯᠡᠭᠦᠯᠦᠨ ᠡᠯᠡᠰᠦ ᠲᠣᠭᠤᠰᠣ ᠳᠡᠭᠳᠡᠬᠦ ᠶᠢ ᠶᠡᠭᠡ ᠪᠠᠷ ᠪᠠᠭᠠᠰᠬᠠᠵᠤ ᠲᠠᠷᠢᠶ᠎ᠠ ᠲᠥᠮᠥᠰᠥ ᠶᠢᠨ ᠤᠨᠠᠯᠲᠠ ᠶᠢ ᠨᠡᠶᠢᠳᠡ 192 ᠳ᠋ᠦᠩᠰᠢᠭᠤᠷ ᠵᠢᠩ ᠨᠡᠮᠡᠭᠳᠡᠭᠦᠯᠪᠡ            ᠲᠥᠷᠥ ᠶᠢᠨ ᠶᠠᠪᠤᠳᠠᠯ ᠤᠨ ᠬᠤᠷᠢᠶ᠎ᠠ ᠶᠢᠨ  ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠨᠠᠯ ᠳᠤ ︽ᠭᠤᠣᠯ ᠪᠤᠯᠬᠤ ᠡᠯᠡᠰᠦ ᠰᠠᠯᠬᠢᠨ ᠤ ᠡᠬᠢ᠂ ᠡᠯᠡᠰᠦᠨ ᠰᠢᠭᠤᠷᠭ᠎ᠠ ᠶᠢᠨ ᠡᠬᠢ ᠪᠠ ᠡᠯᠡᠰᠦᠨ ᠰᠢᠭᠤᠷᠭ᠎ᠠ ᠥᠩᠭᠡᠷᠡᠬᠦ ᠣᠷᠣᠨ ᠳᠤ ᠲᠠᠷᠢᠶᠠᠨ ᠭᠠᠵᠠᠷ ᠢ ᠬᠠᠭᠠᠯᠪᠤᠷᠢᠯᠠᠬᠤ ᠦᠭᠡᠢ ᠮᠥᠷᠲᠡᠭᠡᠨ ᠭᠤᠤᠷᠰᠤ ᠦᠯᠡᠳᠡᠭᠡᠬᠦ ᠳᠦᠷᠢᠮ ᠢ ᠬᠡᠷᠡᠭᠵᠢᠭᠦᠯᠬᠦ︾ ᠶᠢ ︽ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠵᠦ᠂ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ︾ ᠭᠤᠣᠯ ᠠᠷᠭ᠎ᠠ ᠬᠡᠮᠵᠢᠶ᠎ᠡ ᠶᠢᠨ ᠨᠢᠭᠡ ᠪᠣᠯᠭᠠᠪᠠ᠃ ︽ᠥᠪᠥᠷ ᠮᠣᠩᠭᠤᠯ ᠳᠤ ᠲᠤᠰ ᠳᠦᠷᠢᠮ ᠢ ᠬᠡᠷᠡᠭᠵᠢᠭᠦᠯᠬᠦ ᠲᠠᠯ᠎ᠠ ᠪᠠᠷ ᠲᠡᠷᠢᠭᠦᠨ ᠤ ᠮᠡᠷᠭᠡᠵᠢᠯ ᠤᠨ ᠪᠠᠲᠤᠯᠠᠭ᠎ᠠ ᠲᠠᠢ ᠶᠤᠮ᠃ ᠮᠠᠨ ᠤ ᠬᠦᠷᠢᠶᠡᠯᠡᠩ ᠤᠨ ᠰᠤᠳᠤᠯᠭᠠᠨ ᠤ ᠪᠦᠯᠭᠦᠮ ᠤᠨ ᠰᠤᠳᠤᠯᠤᠨ ᠨᠡᠭᠡᠭᠡᠵᠦ ᠳᠡᠯᠭᠡᠷᠡᠭᠦᠯᠦᠭᠰᠡᠨ ᠲᠠᠷᠢᠶᠠᠨ ᠭᠠᠵᠠᠷ ᠢ ᠬᠠᠭᠠᠯᠪᠤᠷᠢᠯᠠᠬᠤ ᠦᠭᠡᠢ ᠮᠥᠷᠲᠡᠭᠡᠨ ᠭᠤᠤᠷᠰᠤ ᠦᠯᠡᠳᠡᠭᠡᠬᠦ ᠪᠠᠷ ᠭᠤᠣᠯ ᠣᠨᠴᠠᠯᠢᠭ ᠪᠤᠯᠭᠠᠬᠰᠠᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠦᠷ᠎ᠡ ᠪᠦᠲᠦᠭᠡᠯ ᠨᠢᠭᠡᠨᠲᠡ ᠳᠡᠯᠡᠬᠡᠢ ᠶᠢᠨ ᠲᠡᠷᠢᠭᠦᠨ ᠤ ᠲᠦᠪᠰᠢᠨ ᠳᠤ ᠭᠦᠷᠪᠡ︾ ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠸᠠᠩ ᠵᠢᠶᠠᠨ ᠭᠦᠸᠧ ᠲᠠᠨᠢᠯᠴᠠᠭᠤᠯᠪᠠ᠃          ᠤᠮᠠᠷᠠᠲᠤ ᠣᠷᠣᠨ ᠤ ᠮᠠᠯᠵᠢᠬᠤ ᠲᠠᠷᠢᠶᠠᠯᠠᠬᠤ ᠰᠣᠯᠪᠢᠴᠢᠬᠰᠠᠨ ᠭᠠᠵᠠᠷ ᠣᠷᠣᠨ ᠪᠣᠯ ᠮᠠᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠠᠶᠢᠵᠤ᠂ ᠡᠭᠦᠨ ᠳᠤ 70% ᠠᠴᠠ ᠳᠡᠭᠡᠭᠰᠢᠬᠢ ᠭᠠᠵᠠᠷ ᠨᠢ ᠥᠪᠥᠷ ᠮᠣᠩᠭᠤᠯ ᠳᠤ ᠪᠠᠶᠢᠳᠠᠭ᠃ ᠠᠳᠡ ᠭᠠᠩ ᠬᠠᠭᠤᠷᠠᠢ ᠰᠠᠯᠬᠢ ᠶᠡᠬᠡᠲᠡᠢ ᠪᠥᠭᠡᠳ ᠥᠩᠭᠡᠷᠡᠭᠰᠡᠨ ᠳᠤ ᠣᠯᠠᠩᠬᠢ ᠲᠠᠷᠢᠶᠠᠨ ᠭᠠᠵᠠᠷ ᠢ ᠭᠦᠨ ᠤᠷᠪᠠᠭᠤᠯᠤᠨ ᠲᠠᠷᠢᠶᠠᠯᠠᠵᠤ ᠪᠠᠶᠢᠭᠰᠠᠨ ᠪᠣᠯᠬᠤᠷ ᠬᠠᠪᠤᠷ ᠤᠨ ᠬᠠᠷ᠎ᠠ ᠰᠠᠯᠬᠢ ᠳᠡᠭᠳᠡᠬᠦ ᠪᠠ ᠡᠪᠦᠯ ᠬᠥᠯᠳᠡᠭᠡᠳ ᠬᠠᠪᠤᠷ ᠭᠡᠰᠬᠦ ᠦᠶᠡᠰ ᠠᠮᠠᠷᠬᠠᠨ ᠰᠠᠯᠬᠢ ᠤᠰᠤᠨ ᠤ ᠢᠳᠡᠭᠳᠡᠯ ᠡᠭᠦᠰᠴᠦ᠂ ᠲᠠᠷᠢᠶᠠᠨ ᠭᠠᠵᠠᠷ ᠢ ᠮᠠᠭᠤᠳᠠᠭᠤᠯᠬᠤ ᠶᠢᠨ ᠤᠯᠠᠮ ᠢᠶᠠᠷ ᠦᠩᠭᠡᠨ ᠲᠠᠯ᠎ᠠ ᠶᠢᠨ ᠬᠥᠷᠥᠰᠥᠨ ᠳᠠᠪᠬᠤᠷᠭ᠎ᠠ ᠶᠢᠨ ᠨᠠᠷᠢᠨ ᠰᠢᠷᠣᠢ ᠨᠢ ᠡᠯᠡᠰᠦ ᠲᠣᠭᠤᠰᠣ ᠶᠢᠨ ᠭᠤᠣᠯ ᠢᠷᠡᠯᠲᠡ ᠶᠢᠨ ᠨᠢᠭᠡ ᠪᠣᠯᠤᠭᠰᠠᠨ ᠶᠤᠮ᠃ ᠨᠢᠭᠡᠨ ᠦᠶ᠎ᠡ ᠳᠤ ᠤᠯᠠᠶᠢᠷᠠᠨ ᠳᠣᠭᠰᠢᠷᠠᠵᠤ ᠪᠠᠶᠢᠭᠰᠠᠨ ᠡᠯᠡᠰᠦᠨ ᠰᠢᠭᠤᠷᠭ᠎ᠠ ᠥᠩ ᠰᠢᠮᠡᠯᠢᠭ ᠲᠠᠷᠢᠶᠠᠨ ᠬᠥᠷᠥᠰᠥ ᠶᠢ ᠥᠩᠭᠡ ᠠᠯᠳᠠᠭᠤᠯᠵᠤ᠂ ᠪᠦᠭᠦ ᠣᠷᠣᠨ ᠤ ᠮᠠᠭᠤᠳᠠᠭᠰᠠᠨ ᠲᠠᠷᠢᠶᠠᠨ ᠭᠠᠵᠠᠷ ᠤᠨ ᠲᠠᠯᠠᠪᠠᠶ ᠶᠢᠨ ᠬᠠᠷᠢᠴᠠᠯ 60% ᠶᠢ ᠳᠠᠪᠠᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠨᠢ ᠠᠮᠠᠨ ᠬᠦᠵᠦᠭᠦᠨ ᠳᠤ ᠲᠤᠯᠤᠭᠰᠠᠨ ᠶᠠᠪᠤᠳᠠᠯ ᠪᠣᠯᠵᠠᠢ᠃            ᠲᠠᠷᠢᠶᠠᠨ ᠭᠠᠵᠠᠷ ᠢ ᠬᠠᠭᠠᠯᠪᠤᠷᠢᠯᠠᠬᠤ ᠦᠭᠡᠢ ᠮᠥᠷᠲᠡᠭᠡᠨ ᠭᠤᠤᠷᠰᠤ ᠦᠯᠡᠳᠡᠭᠡᠬᠦ ᠭᠡᠳᠡᠭ ᠨᠢ ᠬᠡᠳᠦᠶᠢᠪᠡᠷ ᠲᠤᠰᠬᠠᠢ ᠮᠡᠷᠭᠡᠵᠢᠯ ᠤᠨ ᠦᠭᠡ ᠪᠤᠯᠪᠠᠴᠤ ᠤᠳᠤ ᠮᠠᠯᠵᠢᠬᠤ ᠲᠠᠷᠢᠶᠠᠯᠠᠬᠤ ᠣᠷᠣᠨ ᠳᠤ ᠨᠢᠭᠡᠨᠲᠡ ᠠᠮᠠᠨ ᠶᠠᠷᠢᠶ᠎ᠠ ᠪᠣᠯᠵᠤ᠂ ︽ᠲᠠᠷᠢᠶᠠᠨ ᠭᠠᠵᠠᠷ ᠢ ᠬᠠᠭᠠᠯᠪᠤᠷᠢᠯᠠᠬᠤ ᠦᠭᠡᠢ ᠮᠥᠷᠲᠡᠭᠡᠨ ᠡᠰᠢ ᠰᠦᠷᠡᠯ ᠢᠶᠠᠷ ᠪᠦᠷᠬᠦᠭᠦᠯᠵᠦ᠂ ᠶᠡᠭᠡ ᠰᠠᠯᠬᠢ ᠭᠠᠷᠤᠭᠰᠠᠨ ᠴᠦ ᠡᠯᠡᠰᠦ ᠲᠣᠭᠤᠰᠣ ᠳᠡᠭᠳᠡᠬᠦ ᠦᠭᠡᠢ︾ ᠭᠡᠰᠡᠨ ᠮᠠᠯᠴᠢᠨ ᠲᠠᠷᠢᠶᠠᠴᠢᠳ ᠤᠨ ᠦᠭᠡ ᠨᠢ ᠲᠠᠷᠢᠶᠠᠨ ᠭᠠᠵᠠᠷ ᠢ ᠬᠠᠭᠠᠯᠪᠤᠷᠢᠯᠠᠬᠤ ᠦᠭᠡᠢ ᠮᠥᠷᠲᠡᠭᠡᠨ ᠭᠤᠤᠷᠰᠤ ᠦᠯᠡᠳᠡᠭᠡᠬᠦ ᠪᠠᠷ ᠭᠤᠣᠯ ᠣᠨᠴᠠᠯᠢᠭ ᠪᠤᠯᠭᠠᠬᠰᠠᠨ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠤᠨ ᠠᠷᠭ᠎ᠠ ᠪᠠᠷᠢᠯ ᠪᠠ ᠦᠷ᠎ᠡ ᠪᠦᠲᠦᠮᠵᠢ ᠶᠢ ᠶᠡᠭᠡ ᠠᠮᠢᠳᠤᠯᠢᠭ ᠬᠤᠷᠢᠶᠠᠩᠭᠤᠶᠢᠯᠠᠭᠰᠠᠨ ᠪᠠᠶᠢᠨ᠎ᠠ᠃ ᠲᠤᠰ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ ᠯᠦ ᠵᠠᠨ ᠶᠤᠸᠠᠨ ᠪᠦᠯᠭᠦᠮ ᠨᠡᠶᠢᠲᠡ ᠪᠠᠨ ᠳᠠᠭᠠᠭᠤᠯᠤᠨ 20 ᠭᠠᠷᠤᠢ ᠵᠢᠯ ᠰᠢᠷᠭᠠᠭᠤ ᠬᠠᠲᠠᠭᠤᠵᠢᠯᠲᠠᠢ ᠪᠠᠷ ᠬᠠᠶᠢᠨ ᠰᠦᠪᠡᠭᠴᠢᠯᠡᠯᠲᠡ ᠬᠢᠵᠦ᠂ ᠮᠠᠯᠵᠢᠬᠤ ᠲᠠᠷᠢᠶᠠᠯᠠᠬᠤ ᠰᠣᠯᠪᠢᠴᠠᠭᠰᠠᠨ ᠭᠠᠵᠠᠷ ᠣᠷᠣᠨ ᠳᠤ ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠵᠢᠴᠢ ᠲᠤᠰᠬᠠᠢ ᠲᠣᠨᠤᠭ ᠲᠥᠬᠦᠭᠡᠷᠦᠮᠵᠢ ᠪᠠ ᠪᠣᠷᠳᠣᠭᠤᠷ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ ᠶᠡᠭᠡ ᠪᠠᠷ ᠥᠷᠨᠢᠭᠦᠯᠵᠦ᠂ ᠡᠴᠦᠰ ᠲᠡᠭᠡᠨ ︽ᠤᠮᠠᠷᠠᠲᠤ ᠣᠷᠣᠨ ᠤ ᠮᠠᠯᠵᠢᠬᠤ ᠲᠠᠷᠢᠶᠠᠯᠠᠬᠤ ᠰᠣᠯᠪᠢᠴᠠᠭᠰᠠᠨ ᠭᠠᠵᠠᠷ ᠣᠷᠣᠨ ᠤ ᠰᠠᠯᠬᠢ ᠤᠰᠤᠨ ᠳᠤ ᠢᠳᠡᠭᠳᠡᠵᠦ ᠮᠠᠭᠤᠳᠠᠭᠰᠠᠨ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠪᠣᠯᠣᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠵᠠᠩᠭᠢᠯᠠᠭ᠎ᠠ ᠶᠢᠨ ᠮᠡᠷᠭᠡᠵᠢᠯ︾ ᠤᠨ ᠲᠥᠷᠥᠯ ᠵᠦᠢᠯ ᠢ ᠪᠡᠶᠡᠯᠡᠭᠦᠯᠪᠡ᠃ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠭᠡᠨ ᠤ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠠᠴᠠ᠂ ᠡᠨᠡ ᠬᠦ ᠮᠡᠷᠭᠡᠵᠢᠯ ᠳᠤ ᠮᠠᠨ ᠤ ᠤᠯᠤᠰ ᠤᠨ ᠤᠮᠠᠷᠠᠲᠤ ᠣᠷᠣᠨ ᠤ ᠮᠠᠯᠵᠢᠬᠤ ᠲᠠᠷᠢᠶᠠᠯᠠᠬᠤ ᠰᠣᠯᠪᠢᠴᠠᠭᠰᠠᠨ ᠭᠠᠵᠠᠷ ᠣᠷᠣᠨ ᠤ ᠲᠠᠷᠢᠶᠠᠨ ᠭᠠᠵᠠᠷ ᠤᠨ ᠰᠠᠯᠬᠢ ᠤᠰᠤᠨ ᠳᠤ ᠢᠳᠡᠭᠳᠡᠵᠦ ᠮᠠᠭᠤᠳᠠᠬᠤ ᠵᠢᠮ᠎ᠡ ᠶᠣᠰᠣ᠂ ᠬᠥᠷᠥᠰᠥ ᠰᠢᠷᠣᠢ ᠶᠢ ᠲᠣᠭᠲᠠᠪᠤᠷᠢᠵᠢᠭᠤᠯᠤᠨ ᠢᠳᠡᠭᠳᠡᠯ ᠢ ᠪᠠᠭᠠᠰᠬᠠᠬᠤ ᠮᠡᠷᠭᠡᠵᠢᠯ ᠪᠠ ᠲᠤᠰᠬᠠᠢ ᠲᠤᠨᠤᠭ ᠲᠥᠬᠦᠭᠡᠷᠦᠮᠵᠢ᠂ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢ ᠲᠠᠭᠡᠭᠰᠢᠯᠡᠭᠦᠯᠭᠦ ᠮᠡᠷᠭᠡᠵᠢᠯ ᠵᠢᠴᠢ ᠬᠠᠮᠠᠭᠠᠯᠠᠨ ᠠᠰᠢᠭᠯᠠᠬᠤ ᠵᠠᠭᠪᠤᠷ ᠢ ᠰᠢᠰᠲ᠋ᠧᠮ ᠲᠠᠢ ᠰᠤᠳᠤᠯᠵᠤ᠂ ᠲᠡᠭᠦᠨ ᠤ ᠦᠷ᠎ᠡ ᠪᠦᠲᠦᠭᠡᠯ ᠨᠢ ᠪᠦᠬᠦᠯᠢ ᠴᠣᠭᠴᠠ ᠪᠠᠷ ᠢᠶᠠᠨ ᠳᠡᠯᠡᠬᠡᠢ ᠶᠢᠨ ᠲᠡᠷᠢᠭᠦᠨ  ᠤ ᠲᠦᠪᠰᠢᠨ ᠳᠤ ᠬᠦᠷᠴᠡᠢ ᠭᠡᠵᠦ ᠦᠨᠡᠯᠡᠪᠡ᠃            ︽ᠬᠠᠮᠠᠭᠠᠯᠠᠯᠲᠠ ᠶᠢᠨ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠨᠢ ᠲᠠᠷᠢᠶᠠᠨ ᠭᠠᠵᠠᠷ ᠤᠨ ᠠᠮᠢ ᠠᠬᠤᠢ ᠶᠢ ᠪᠦᠳᠦᠮᠵᠢᠳᠠᠢ ᠬᠠᠮᠠᠭᠠᠯᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢ ᠲᠠᠭᠡᠭᠰᠢᠯᠡᠭᠦᠯᠵᠤ᠂ ᠲᠣᠭᠲᠠᠭᠤᠨ ᠬᠤᠷᠢᠶᠠᠯᠲᠠ ᠶᠢ ᠪᠠᠲᠤᠯᠠᠨ ᠡᠯᠪᠡᠭ ᠬᠤᠷᠢᠶᠠᠯᠲᠠ ᠣᠯᠬᠤ ᠦᠷᠭᠦᠯᠵᠢᠯᠡᠬᠦ ᠴᠢᠨᠠᠷᠲᠠᠢ ᠲᠠᠷᠢᠶᠠᠯᠠᠭ᠎ᠠ ᠶᠢᠨ ᠮᠡᠷᠭᠡᠵᠢᠯ ᠪᠣᠯᠣᠨ᠎ᠠ᠃ ᠲᠡᠭᠦᠨ ᠤ ᠭᠤᠣᠯᠯᠠᠬᠤ ᠮᠡᠷᠭᠡᠵᠢᠯ ᠪᠣᠯ ᠲᠤᠰᠬᠠᠢ ᠲᠤᠨᠤᠭ ᠲᠥᠬᠦᠭᠡᠷᠦᠮᠵᠢ  ᠪᠠᠷ ᠲᠠᠷᠢᠶᠠᠨ ᠭᠠᠵᠠᠷ ᠢ ᠬᠠᠭᠠᠯᠪᠤᠷᠢᠯᠠᠬᠤ ᠦᠭᠡᠢ ᠪᠤᠶᠤ ᠳᠤᠲᠠᠭᠤ ᠬᠠᠭᠠᠯᠪᠤᠷᠢᠯᠠᠨ ᠲᠠᠷᠢᠬᠤ᠂ ᠨᠠᠮᠤᠷ ᠤᠨ ᠬᠤᠷᠢᠶᠠᠯᠲᠠ ᠠᠪᠬᠤ ᠦᠶᠡᠰ ᠭᠤᠤᠷᠰᠤ ᠦᠯᠡᠳᠡᠭᠡᠵᠦ ᠲᠠᠷᠢᠶᠠᠨ ᠭᠠᠵᠠᠷ ᠢ ᠪᠦᠷᠬᠦᠭᠦᠯᠬᠦ᠂ ᠡᠯᠳᠡᠪ ᠡᠪᠡᠰᠦ ᠶᠢ ᠰᠡᠷᠭᠡᠶᠢᠯᠡᠨ ᠡᠵᠡᠮᠳᠡᠬᠦ ᠪᠠ ᠠᠳᠠᠯᠢ ᠪᠤᠰᠤ ᠲᠠᠷᠢᠮᠠᠯ ᠢ ᠰᠡᠯᠭᠦᠨ ᠳᠠᠷᠢᠬᠤ ᠵᠡᠷᠭᠡ ᠮᠡᠷᠭᠡᠵᠢᠯ ᠪᠤᠯᠬᠤ ᠶᠤᠮ︾ ᠭᠡᠵᠦ ᠸᠠᠩ ᠵᠢᠶᠠᠨ ᠭᠦᠸᠧ ᠲᠠᠨᠢᠯᠴᠠᠭᠤᠯᠤᠯ᠎ᠠ᠃ ᠲᠡᠭᠦᠨ ᠤ ᠬᠡᠯᠡᠬᠦ ᠪᠠᠷ᠂ ᠭᠤᠤᠷᠰᠤ ᠦᠯᠡᠳᠡᠭᠡᠵᠦ ᠡᠰᠢ ᠰᠦᠷᠡᠯ ᠢᠶᠠᠷ ᠲᠠᠷᠢᠶᠠᠨ ᠭᠠᠵᠠᠷ ᠢ ᠪᠦᠷᠬᠦᠭᠦᠯᠬᠦ ᠨᠢ ᠬᠥᠷᠥᠰᠥ ᠰᠢᠷᠣᠢ ᠶᠢᠨ ᠣᠷᠭᠠᠨᠢᠭ ᠪᠣᠳᠠᠰ ᠢ ᠪᠦᠲᠦᠮᠵᠢᠲᠡᠶ ᠨᠡᠮᠡᠭᠳᠡᠭᠦᠯᠳᠡᠭ᠂ ᠡᠭᠦᠨ ᠤ ᠬᠠᠮᠲᠤ ᠵᠦᠢ ᠵᠣᠬᠢᠰᠲᠠᠢ ᠲᠠᠷᠢᠶᠠᠯᠠᠭ᠎ᠠ ᠶᠢᠨ ᠠᠷᠭ᠎ᠠ ᠬᠡᠮᠵᠢᠶ᠎ᠡ᠂ ᠪᠣᠷᠳᠣᠭᠤᠷ ᠪᠠ ᠤᠰᠤ ᠪᠣᠷᠳᠣᠭᠤᠷ ᠤᠨ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠪᠡᠯ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢ ᠪᠦᠲᠦᠮᠵᠢᠲᠡᠶ ᠳᠡᠭᠡᠭᠰᠢᠯᠡᠭᠦᠯᠵᠦ ᠴᠢᠳᠠᠳᠠᠭ ᠶᠤᠮ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠤᠳᠤᠯᠭᠠᠨ ᠤ ᠪᠦᠯᠭᠦᠮ ᠤᠨ ᠬᠡᠮᠵᠢᠨ ᠪᠤᠳᠤᠬᠰᠠᠨ ᠢᠶᠠᠷ᠂ ᠲᠤᠰ ᠮᠡᠷᠭᠡᠵᠢᠯ ᠨᠢ 5 ᠵᠢᠯ ᠤᠨ ᠳᠣᠲᠣᠷ᠎ᠠ ᠲᠠᠷᠢᠶᠠᠨ ᠭᠠᠵᠠᠷ ᠤᠨ ᠰᠢᠮ᠎ᠡ ᠬᠦᠴᠦ ᠶᠢ 0.5 ᠲᠠᠰ ᠠᠴᠠ ᠳᠡᠭᠡᠭᠰᠢ ᠳᠡᠭᠡᠭᠰᠢᠯᠡᠭᠦᠯᠵᠦ᠂ ᠪᠣᠷᠳᠣᠭᠤᠷ ᠤᠨ ᠠᠰᠢᠭᠯᠠᠮᠵᠢ ᠶᠢ 15% ᠠᠴᠠ ᠳᠡᠭᠡᠭᠰᠢ ᠨᠡᠮᠡᠭᠳᠡᠭᠦᠯᠬᠦ ᠶᠢᠨ ᠬᠠᠮᠲᠤ᠂ ᠡᠪᠦᠯ ᠬᠠᠪᠤᠷ ᠤᠨ ᠶᠡᠭᠡ ᠰᠠᠯᠬᠢ ᠶᠢᠨ ᠲᠠᠷᠢᠶᠠᠨ ᠭᠠᠵᠠᠷ ᠲᠤ ᠤᠴᠠᠷᠠᠭᠤᠯᠬᠤ ᠬᠥᠨᠥᠭᠡᠯ ᠢ ᠪᠠᠭᠠᠰᠬᠠᠨ᠂ ᠲᠠᠷᠢᠶᠠᠨ ᠭᠠᠵᠠᠷ  ᠤᠨ ᠤᠰᠤ ᠰᠢᠷᠣᠢ ᠶᠢᠨ ᠢᠳᠡᠭᠳᠡᠯ ᠢ ᠪᠦᠳᠦᠮᠵᠢᠳᠠᠢ ᠬᠤᠷᠢᠭᠯᠠᠵᠤ᠂ ᠲᠠᠷᠢᠶᠠᠨ ᠭᠠᠵᠠᠷ ᠠᠴᠠ ᠲᠣᠭᠤᠰᠣ ᠰᠢᠷᠣᠢ ᠳᠡᠭᠳᠡᠬᠦ ᠶᠢ 50% ᠠᠴᠠ ᠳᠡᠭᠡᠭᠰᠢ ᠪᠠᠭᠠᠰᠬᠠᠵᠤ ᠲᠠᠶᠢᠯᠤᠨ᠎ᠠ᠃          ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ  ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠡᠨᠡ ᠬᠦ ᠮᠡᠷᠭᠡᠵᠢᠯ ᠤᠨ ᠦᠷ᠎ᠡ ᠪᠦᠲᠦᠭᠡᠯ ᠢ ᠬᠥᠯᠥᠨ ᠪᠤᠶᠢᠷ᠂ ᠬᠢᠩᠭᠠᠨ᠂ ᠲᠦᠩᠯᠢᠶᠣᠣ᠂ ᠤᠯᠠᠭᠠᠨᠬᠠᠳᠠ᠂ ᠤᠯᠠᠭᠠᠨᠴᠠᠪ ᠵᠡᠷᠭᠡ 8 ᠠᠶᠢᠮᠠᠭ ᠬᠤᠲᠠ ᠳᠤ ᠥᠷᠭᠡᠨ ᠢᠶᠠᠷ ᠳᠡᠯᠭᠡᠷᠡᠭᠦᠯᠦᠭᠰᠡᠨ ᠪᠥᠭᠡᠳ ᠭᠢᠷᠢᠨ᠂ ᠾᠧᠪᠧᠢ᠂ ᠱᠠᠨ ᠰᠢ᠂ ᠭᠠᠨᠰᠤ᠂ ᠨᠢᠩᠰᠢᠶᠠ ᠵᠡᠷᠭᠡ ᠮᠠᠨ ᠤ ᠣᠷᠣᠨ ᠤ ᠠᠮᠢ ᠠᠬᠤᠢ ᠶᠢᠨ ᠪᠠᠶᠢᠳᠠᠯ ᠯᠤᠭ᠎ᠠ ᠠᠳᠠᠯᠢᠪᠲᠤᠷ ᠮᠠᠯᠵᠢᠬᠤ ᠲᠠᠷᠢᠶᠠᠯᠠᠬᠤ ᠰᠣᠯᠪᠢᠴᠠᠭᠰᠠᠨ ᠣᠷᠣᠨ ᠳᠤ ᠵᠢᠱᠢᠶ᠎ᠡ ᠦᠵᠡᠭᠦᠯᠦᠨ ᠬᠡᠷᠡᠭᠯᠡᠵᠦ᠂ ᠨᠡᠶᠢᠲᠡ 2.6 ᠳ᠋ᠦᠩᠰᠢᠭᠤᠷ ᠮᠦ ᠲᠠᠷᠢᠶᠠᠨ ᠭᠠᠵᠠᠷ ᠲᠤ ᠳᠡᠯᠭᠡᠷᠡᠭᠦᠯᠦᠨ ᠲᠠᠷᠢᠶ᠎ᠠ ᠲᠥᠮᠥᠰᠥ ᠶᠢᠨ ᠤᠨᠠᠯᠲᠠ ᠶᠢ 192 ᠳ᠋ᠦᠩᠰᠢᠭᠤᠷ ᠵᠢᠩ ᠨᠡᠮᠡᠭᠳᠡᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠪᠠᠷᠤᠭ 190 ᠳ᠋ᠦᠩᠰᠢᠭᠤᠷ ᠲᠥᠭᠦᠷᠢᠭ ᠨᠡᠮᠡᠭᠳᠡᠭᠦᠯᠵᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号