ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠳᠤ ᠲᠦᠮᠡ ᠭᠠᠷᠤᠢ ᠮᠠᠰᠢᠨ ᠲᠡᠷᠭᠡᠨ ᠤ ᠴᠠᠭᠢᠯᠭᠠᠨ ᠴᠡᠨᠡᠭᠯᠡᠭᠴᠢ ᠤᠭᠰᠠᠷᠠᠪᠠ
ᠨᠡᠶᠢᠲᠡᠯᠡᠭᠰᠡᠨ ᠴᠠᠭ᠄
2024/2/26
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ ᠡᠴᠦᠰ ᠪᠤᠯᠲᠠᠯ᠎ᠠ  ᠮᠠᠨ ᠤ ᠣᠷᠣᠨ ᠮᠠᠯᠵᠢᠬᠤ ᠲᠠᠷᠢᠶᠠᠯᠠᠬᠤ ᠣᠷᠣᠨ ᠳᠤ ᠨᠢᠭᠡᠨᠲᠡ 10185 ᠮᠠᠰᠢᠨ ᠲᠡᠷᠭᠡᠨ ᠤ ᠴᠠᠭᠢᠯᠭᠠᠨ ᠴᠡᠨᠡᠭᠯᠡᠭᠴᠢ ᠤᠭᠰᠠᠷᠠᠵᠤ᠂ ᠵᠠᠰᠠᠮᠠᠯ ᠵᠠᠮ ᠳᠠᠭᠠᠤ ᠶᠢ ᠪᠦᠭᠦᠨ ᠢ ᠬᠠᠮᠤᠷᠬᠤ ᠶᠢ ᠦᠨᠳᠦᠰᠦᠨ ᠳᠡᠭᠡᠨ ᠪᠡᠶᠡᠯᠡᠭᠦᠯᠵᠦ᠂ 12 ᠠᠶᠢᠮᠠᠭ ᠬᠤᠲᠠ ᠶᠢᠨ 90 ᠬᠤᠰᠢᠭᠤ ᠰᠢᠶᠠᠨ ᠳᠤ ᠬᠤᠯᠪᠣᠭᠳᠠᠨ᠂︽ᠲᠣᠭᠲᠠᠮᠠᠯ ᠴᠠᠭᠢᠯᠭᠠᠨ ᠢᠶᠠᠷ ᠲᠦᠷᠭᠡᠨ ᠴᠡᠨᠡᠭᠯᠡᠬᠦ ᠪᠠᠷ ᠭᠤᠣᠯ ᠪᠤᠯᠭᠠᠵᠤ᠂ ᠰᠣᠯᠢᠯᠴᠠᠭᠤᠯᠤᠨ ᠤᠳᠠᠭᠠᠨ ᠴᠡᠨᠡᠭᠯᠡᠬᠦ  ᠪᠠᠷ ᠬᠠᠪᠰᠤᠷᠤᠮᠵᠢ ᠪᠤᠯᠭᠠᠬᠰᠠᠨ︾ᠮᠠᠰᠢᠨ ᠲᠡᠷᠭᠡᠨ ᠳᠤ ᠴᠠᠭᠢᠯᠭᠠᠨ ᠴᠡᠨᠡᠭᠯᠡᠬᠦ ᠲᠣᠣᠷ ᠤᠨ ᠪᠠᠶᠢᠷᠢᠰᠢᠯ ᠢ ᠠᠩᠬ᠎ᠠ ᠠᠯᠬᠤᠮ ᠪᠦᠷᠢᠯᠳᠦᠭᠦᠯᠪᠡ᠃      2023 ᠣᠨ ᠳᠤ ᠮᠠᠨ ᠤ ᠣᠷᠣᠨ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ᠂ ᠪᠡᠯᠡ ᠮᠥᠩᠭᠦ  ᠪᠠᠷ ᠳᠡᠮᠵᠢᠬᠦ ᠶᠢ ᠴᠢᠩᠭᠠᠳᠬᠠᠨ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠦᠷᠭᠡᠳᠬᠡᠨ ᠬᠥᠭᠵᠢᠭᠦᠯᠵᠦ᠂ ᠵᠠᠰᠠᠮᠠᠯ ᠵᠠᠮ ᠳᠠᠭᠠᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠰᠢᠭᠤ ᠰᠢᠶᠠᠨ ᠤ ᠭᠤᠣᠯ ᠬᠤᠲᠠ ᠲᠣᠭᠤᠷᠢᠭ᠂ ᠰᠤᠮᠤ ᠰᠢᠶᠠᠩ ᠪᠠᠯᠭᠠᠰᠤ ᠪᠠᠶᠢᠭᠤᠯᠤᠮᠵᠢᠲᠤ ᠭᠠᠴᠠᠭ᠎ᠠ ᠲᠣᠰᠬᠤᠨ ᠵᠡᠷᠭᠡ ᠳᠥᠷᠪᠡᠨ ᠶᠡᠭᠡ ᠲᠠᠯᠠᠪᠠᠶ ᠶᠢᠨ ᠲᠣᠭᠤᠷᠢᠨ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠢᠭᠡᠳ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ ᠤ ᠬᠠᠮᠲᠤᠷᠠᠯᠴᠠᠭ᠎ᠠ ᠶᠢ ᠠᠬᠢᠭᠤᠯᠵᠤ᠂ ᠴᠠᠭᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ  ᠶᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠬᠥᠳᠡᠭᠡ ᠪᠠᠭᠤᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠤᠯᠭᠠᠭᠤᠷᠢᠯᠠᠯ ᠬᠠᠩᠭᠠᠪᠠ᠃      ᠲᠠᠨᠢᠯᠴᠠᠭᠤᠯᠤᠭᠰᠠᠨ ᠢᠶᠠᠷ᠂ 2023 ᠣᠨ ᠳᠤ ᠪᠦᠭᠦ ᠣᠷᠣᠨ ᠤ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠶᠡᠷᠦᠩᠬᠡᠢ ᠬᠡᠮᠵᠢᠶ᠎ᠡ 7000 ᠰᠢᠬᠠᠮ ᠳᠤ ᠬᠦᠷᠴᠦ᠂ 5 ᠵᠢᠯ ᠤᠨ ᠡᠮᠦᠨᠡᠬᠢ ᠠᠴᠠ 2 ᠳᠠᠭᠢᠨ ᠢᠯᠡᠭᠦᠦ ᠪᠣᠯᠪᠠ ; ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠬᠤᠶᠠᠷ ᠵᠢᠯ ᠳᠤ 2600 ᠭᠠᠷᠤᠢ ᠰᠢᠨ᠎ᠡ ᠡᠨᠧᠷᠭᠢ ᠶᠢᠨ ᠲᠦᠷᠢᠶᠡᠰᠦᠨ ᠮᠠᠰᠢᠨ ᠲᠡᠷᠭᠡ ᠨᠡᠮᠡᠭᠳᠡᠵᠠᠢ; ᠪᠦᠭᠦ ᠣᠷᠣᠨ ᠤ ᠨᠡᠶᠢᠲᠡ ᠶᠢᠨ ᠮᠠᠰᠢᠨ ᠲᠡᠷᠭᠡᠨ ᠤ ᠵᠥᠭᠡᠭᠡᠪᠦᠷᠢ ᠶᠢᠨ ᠬᠡᠮᠵᠢᠶ᠎ᠡ 6 ᠳ᠋ᠦᠩᠰᠢᠭᠤᠷ ᠬᠥᠮᠥᠨ ᠤᠳᠠᠭ᠎ᠠ  ᠶᠢ ᠳᠠᠪᠠᠨ᠂ ᠡᠳᠦᠷ ᠪᠦᠷᠢ ᠳᠤᠮᠳᠠᠴᠢ ᠪᠠᠷ 166 ᠲᠦᠮᠡᠨ ᠬᠥᠮᠥᠨ ᠤᠳᠠᠭ᠎ᠠ ᠨᠡᠶᠢᠳᠡ ᠶᠢᠨ ᠮᠠᠰᠢᠨ ᠲᠡᠷᠭᠡᠨ ᠳᠤ ᠰᠠᠭᠤᠵᠤ ᠠᠶᠠᠯᠠᠨ᠂ ᠳᠡᠭᠡᠷ᠎ᠡ ᠵᠢᠯ ᠤᠨ ᠬᠢ ᠠᠴᠠ 33% ᠪᠠᠷ ᠨᠡᠮᠡᠭᠳᠡᠪᠠ; ᠵᠢᠮᠲᠤ ᠵᠠᠮ ᠬᠠᠷᠢᠯᠴᠠᠭᠠᠨ ᠤ ᠵᠥᠭᠡᠭᠡᠪᠦᠷᠢ ᠶᠢᠨ ᠬᠡᠮᠵᠢᠶ᠎ᠡ 0.7 ᠳ᠋ᠦᠩᠰᠢᠭᠤᠷ ᠬᠥᠮᠥᠨ ᠤᠳᠠᠭ᠎ᠠ ᠳᠤ ᠬᠦᠷᠴᠦ᠂ ᠡᠳᠦᠷ ᠪᠦᠷᠢ ᠳᠤᠮᠳᠠᠴᠢ ᠪᠠᠷ 19 ᠲᠦᠮᠡᠨ ᠬᠥᠮᠥᠨ ᠵᠢᠮᠳᠤ ᠲᠡᠮᠦᠷ ᠵᠠᠮ ᠤᠨ ᠭᠠᠯᠲᠤ ᠲᠡᠷᠭᠡᠨ ᠳᠤ ᠰᠠᠭᠤᠵᠤ ᠠᠶᠠᠯᠠᠨ᠂ ᠳᠡᠭᠡᠷ᠎ᠡ ᠵᠢᠯ ᠤᠨ ᠬᠢ  ᠠᠴᠠ 105% ᠪᠠᠷ ᠨᠡᠮᠡᠭᠳᠡᠭᠰᠡᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号