ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠪᠦᠯᠦᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠠᠶᠤᠯ ᠲᠦᠭᠰᠢᠭᠦᠷᠢ ᠶᠢ ᠦᠨᠡᠯᠡᠨ ᠵᠢᠱᠢᠭᠰᠡᠨ ᠪᠠᠶᠢᠳᠠᠯ ᠢ ᠢᠯᠡ ᠨᠡᠶᠢᠲᠡᠯᠡᠪᠡ
ᠨᠡᠶᠢᠲᠡᠯᠡᠭᠰᠡᠨ ᠴᠠᠭ᠄
2024/2/26
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠠᠵᠢᠯᠯᠠᠭᠠᠨ ᠤ ᠳᠦᠷᠢᠮ ︵ᠲᠤᠷᠰᠢᠨ ᠬᠡᠷᠡᠭᠵᠢᠭᠦᠯᠬᠦ︶﹀ ᠵᠡᠷᠭᠡ ᠳᠥᠷᠪᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ ︵ᠥᠪᠥᠷ ᠲᠣᠭᠲᠠᠭᠤᠨ ᠲᠠᠷᠬᠠᠭᠠᠭᠰᠠᠨ﹇2016﹈ 1 ᠳ᠋ᠦ᠋ᠭᠡᠷ ᠲᠣᠭᠠᠲᠤ︶ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠶᠢᠨ ᠬᠡᠷᠡᠭᠵᠢᠭᠦᠯᠬᠦ ᠠᠷᠭ᠎ᠠ﹀ ᠶᠢᠨ ᠮᠡᠳᠡᠭᠳᠡᠯ ︵ᠥᠪᠥᠷ ᠨᠠᠮ ᠠᠯᠪᠠᠨ ᠲᠠᠷᠬᠠᠭᠠᠭᠰᠠᠨ﹇2021﹈ 7 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠣᠯᠠᠨ ᠨᠡᠶᠢᠲᠡ ᠶᠢᠨ ᠣᠷᠣᠯᠴᠠᠵᠤ᠂ ᠣᠯᠠᠨ ᠨᠡᠶᠢᠲᠡ ᠶᠢᠨ ᠲᠣᠰ ᠵᠦᠢᠯᠡᠰ ᠤᠨ ᠲᠤᠬᠠᠢ ᠰᠠᠨᠠᠯ ᠢ ᠦᠨᠡᠨ ᠬᠦ ᠭᠦᠢᠴᠡᠳᠬᠡᠬᠦ ᠶᠢᠨ ᠲᠤᠰᠠᠳᠠ᠂ ᠡᠳᠦᠭᠡ ᠲᠥᠷᠥᠯ ᠵᠦᠢᠯ ᠤᠨ ᠬᠤᠯᠪᠣᠭᠳᠠᠯ ᠪᠦᠬᠦᠢ ᠪᠠᠶᠢᠳᠠᠯ ᠢ ᠢᠯᠡ ᠨᠡᠶᠢᠲᠡᠯᠡᠪᠡ᠃      ᠨᠢᠭᠡ᠂ ᠲᠥᠷᠥᠯ ᠵᠦᠢᠯ ᠤᠨ ᠨᠡᠷᠡᠶᠢᠳᠦᠯ            ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ ᠲᠠᠪᠤᠳᠤᠭᠠᠷ ᠪᠦᠯᠦᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ      ᠬᠤᠶᠠᠷ᠂ ᠲᠥᠷᠥᠯ ᠵᠦᠢᠯ ᠤᠨ ᠲᠣᠶᠢᠮᠣ ᠪᠠᠶᠢᠳᠠᠯ            ᠲᠣᠰ ᠲᠥᠷᠥᠯ ᠵᠦᠢᠯ ᠤᠨ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠢ ᠨᠢ ᠬᠥᠬᠡᠬᠤᠲᠠ ᠶᠢᠨ ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠨ ᠵᠢᠶᠠ ᠶᠢᠩ ᠲᠣᠰᠬᠤᠨ᠂ ᠰᠢ ᠪᠠ ᠱᠠᠨ ᠲᠣᠰᠬᠤᠨ ᠳᠤ ᠪᠠᠶᠢᠳᠠᠭ᠃ ᠭᠠᠵᠠᠷ ᠰᠢᠷᠣᠢ ᠲᠠᠲᠠᠪᠤᠷᠢᠯᠠᠬᠤ ᠪᠠᠷ ᠪᠠᠶᠢᠭ᠎ᠠ ᠶᠡᠷᠦᠩᠬᠡᠢ ᠲᠠᠯᠠᠪᠠᠶ 0.6018 ᠾᠧᠺᠲ᠋ᠠᠷ᠂ ᠡᠭᠦᠨ ᠳᠤ ᠰᠢ ᠪᠠ ᠰᠢᠪᠡᠭᠡ ᠲᠣᠰᠬᠤᠨ ᠤ ᠬᠠᠮᠲᠤ ᠶᠢᠨ ᠭᠠᠵᠠᠷ 0.1252 ᠾᠧᠺᠲ᠋ᠠᠷ ︵ᠬᠤᠲᠠ ᠪᠠᠯᠭᠠᠰᠤ ᠲᠣᠰᠬᠤᠨ ᠤ ᠵᠠᠮ ᠤᠨ ᠬᠡᠷᠡᠭᠯᠡᠬᠦ ᠭᠠᠵᠠᠷ 0.1252 ᠾᠧᠺᠲ᠋ᠠᠷ︶︔ ᠰᠢᠨ ᠵᠢᠶᠠ ᠶᠢᠩ ᠲᠣᠰᠬᠤᠨ ᠤ ᠬᠠᠮᠲᠤ ᠶᠢᠨ ᠭᠠᠵᠠᠷ 0.4766 ᠾᠧᠺᠲ᠋ᠠᠷ ︵ᠬᠤᠲᠠ ᠪᠠᠯᠭᠠᠰᠤ ᠲᠣᠰᠬᠤᠨ ᠤ ᠵᠠᠮ ᠤᠨ ᠬᠡᠷᠡᠭᠯᠡᠬᠦ ᠭᠠᠵᠠᠷ 0.4766 ᠾᠧᠺᠲ᠋ᠠᠷ︶᠃      ᠭᠤᠷᠪᠠ᠂ ᠲᠥᠷᠥᠯ ᠵᠦᠢᠯ ᠤᠨ ᠨᠢᠭᠡᠴᠢ            ᠨᠢᠭᠡᠴᠢ ᠶᠢᠨ ᠨᠡᠷᠡᠶᠢᠳᠦᠯ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ            ᠬᠠᠷᠢᠯᠴᠠᠬᠤ ᠬᠥᠮᠥᠨ᠄ ᠪᠢᠯᠢᠭᠲᠦ            ᠤᠲᠠᠰᠤ᠄ 15354893888          E -mail 1801925097@qq. com      ᠳᠥᠷᠪᠡ᠂ ᠣᠯᠠᠨ ᠨᠡᠶᠢᠲᠡ ᠶᠢᠨ ᠰᠠᠨᠠᠯ ᠤᠨ ᠬᠡᠪᠴᠢᠶ᠎ᠡ᠂ ᠠᠷᠭ᠎ᠠ ᠮᠠᠶ᠋ᠢᠭ ᠵᠢᠴᠢ ᠬᠤᠭᠤᠴᠠᠭ᠎ᠠ ᠬᠢᠵᠠᠭᠠᠷ          1. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠪᠴᠢᠶ᠎ᠡ          ᠲᠤᠰ ᠬᠡᠷᠡᠭ ᠤᠨ ᠲᠥᠷᠥᠯ ᠵᠦᠢᠯ ᠢ ᠲᠠᠲᠠᠪᠤᠷᠢᠯᠠᠬᠤ ᠣᠷᠣᠨ ᠵᠢᠴᠢ ᠣᠶᠢᠷ᠎ᠠ ᠬᠠᠪ ᠤᠨ ᠬᠡᠷᠡᠭ ᠶᠠᠪᠤᠳᠠᠯ ᠤᠨ ᠬᠡᠷᠡᠭᠵᠢᠭᠦᠯᠦᠭᠦᠰᠢᠲᠡᠢ ᠨᠥᠯᠥᠭᠡ ᠪᠣᠯᠬᠤ ᠲᠣᠰᠬᠤᠨ ᠤ ᠠᠷᠠᠳ᠃          2. ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠠᠷᠭ᠎ᠠ ᠮᠠᠶ᠋ᠢᠭ        ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠣᠯᠠᠨ ᠨᠡᠶᠢᠲᠡ ᠪᠠᠷ ᠢᠶᠠᠨ ᠪᠢᠴᠢᠭ ᠢᠶᠠᠷ ᠰᠠᠨᠠᠯ᠂ ᠤᠲᠠᠰᠤ᠂ ᠡᠯᠧᠺᠲᠷᠣᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠥᠷᠥᠯ ᠵᠦᠢᠯ ᠤᠨ ᠨᠢᠭᠡᠴᠡ ᠲᠠᠢ ᠬᠠᠷᠢᠯᠴᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠪᠠᠶᠢᠭ᠎ᠠ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠲᠠᠯ᠎ᠠ ᠪᠠᠷ ᠬᠢ ᠰᠠᠨᠠᠯ ᠵᠢᠴᠢ ᠰᠠᠨᠠᠭᠤᠯᠭ᠎ᠠ ᠵᠢᠴᠢ ᠪᠤᠰᠤᠳ ᠬᠠᠮᠢᠶ᠎ᠠ ᠪᠦᠬᠦᠢ ᠬᠦᠰᠡᠯ ᠱᠠᠭᠠᠷᠳᠠᠯᠭ᠎ᠠ ᠪᠠᠨ ᠨᠡᠶᠢᠲᠡᠯᠡᠵᠦ ᠪᠣᠯᠣᠨ᠎ᠠ᠃          3. ᠢᠯᠡ ᠨᠡᠶᠢᠲᠡᠯᠡᠬᠦ ᠶᠢᠨ ᠡᠬᠢᠯᠡᠵᠦ ᠳᠠᠭᠤᠰᠬᠤ ᠴᠠᠭ ᠬᠤᠭᠤᠴᠠᠭ᠎ᠠ᠄ ᠢᠯᠡ ᠨᠡᠶᠢᠲᠡᠯᠡᠭᠰᠡᠨ ᠡᠳᠦᠷ ᠠᠴᠠ ᠡᠬᠢᠯᠡᠵᠦ ᠠᠷᠪᠠᠨ ᠲᠠᠪᠤᠨ ᠡᠳᠦᠷ᠃          ᠵᠠᠷᠯᠠᠨ ᠨᠡᠶᠢᠲᠡᠯᠡᠬᠦ ᠨᠢᠭᠡᠴᠡ᠄ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ          ᠵᠠᠷᠯᠠᠨ ᠨᠡᠶᠢᠲᠡᠯᠡᠬᠦ ᠴᠠᠭ᠄ 2024 ᠣᠨ ᠤ 2 ᠰᠠᠷ᠎ᠠ ᠶᠢᠨ 19 ᠤ ᠡᠳᠦᠷ      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号