ᠡᠨᠡ ᠵᠢᠯ ᠮᠠᠨ ᠤ ᠣᠷᠣᠨ 1500 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠷ ᠲᠥᠯᠥᠪᠯᠡᠵᠦ ᠪᠤᠶ
ᠨᠡᠶᠢᠲᠡᠯᠡᠭᠰᠡᠨ ᠴᠠᠭ᠄
2024/2/26
     ᠰᠤᠷᠪᠤᠯᠵᠢᠯᠠᠬᠴᠢ 2 ᠰᠠᠷ᠎ᠠ ᠶᠢᠨ 4 ᠤ ᠡᠳᠦᠷ ᠬᠤᠷᠠᠯᠳᠤᠭᠰᠠᠨ ᠪᠦᠭᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠤ᠋ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ 300 ᠲᠦᠮᠡᠨ ᠮᠦ ᠠᠴᠠ ᠳᠡᠭᠡᠭᠰᠢ ᠮᠣᠳᠣ ᠳᠠᠷᠢᠵᠤ᠂ 1300 ᠲᠦᠮᠡᠨ ᠮᠦ ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠪᠠᠷ ᠲᠥᠯᠥᠪᠯᠡᠵᠦ ᠪᠤᠶ᠃      ᠥᠪᠥᠷ ᠮᠣᠩᠭᠤᠯ ︽ᠤᠮᠠᠷᠠᠲᠤ ᠶᠢᠨ ᠭᠤᠷᠪᠠᠨ ᠣᠷᠣᠨ︾ ᠤ 13 ᠮᠤᠵᠢ ᠣᠷᠣᠨ ᠤ ᠳᠣᠲᠣᠷᠠᠬᠢ ᠡᠭᠦᠷᠭᠡ ᠬᠠᠮᠤᠭ ᠤᠨ ᠬᠦᠨᠳᠦ᠂ ᠬᠠᠷᠢᠭᠤᠴᠠᠯᠭ᠎ᠠ ᠬᠠᠮᠤᠭ ᠤᠨ ᠶᠡᠭᠡ ᠮᠤᠵᠢ ᠣᠷᠣᠨ ᠪᠣᠯᠤᠭᠰᠠᠨ ᠤ ᠬᠤᠪᠢ ᠳᠤ᠂ 2024 ᠣᠨ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 90 ᠲᠦᠮᠡᠨ ᠮᠦ ᠠᠴᠠ ᠳᠡᠭᠡᠭᠰᠢ ᠡᠯᠡᠰᠦ ᠶᠢ ᠰᠢᠨ᠎ᠡ ᠡᠨᠧᠷᠭᠢ ᠪᠠᠷ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠪᠠᠷ ᠴᠢᠷᠮᠠᠶᠢᠵᠤ ᠪᠤᠢ᠃ ᠣᠶ ᠰᠢᠭᠤᠢ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠣᠨᠣᠴᠠᠲᠠᠢ ᠳᠡᠭᠡᠭᠰᠢᠯᠡᠭᠦᠯᠭᠦ ᠢᠨᠵᠧᠨᠧᠷᠢᠩ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠡᠪᠴᠢᠶᠡᠵᠢᠭᠦᠯᠦᠭᠰᠡᠨ‌ᠣᠶ ᠰᠢᠭᠤᠢ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠦᠭᠦ ᠵᠢᠯ ᠳᠤ 88.92 ᠲᠦᠮᠡᠨ ᠮᠦ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ 573 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ᠂ 12 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ 25.5 ᠲᠦᠮᠡᠨ ᠮᠦ ᠬᠡᠪᠴᠢᠶᠡᠵᠢᠭᠦᠯᠦᠭᠰᠡᠨ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃      ᠡᠭᠦᠨ ᠤ ᠬᠠᠮᠲᠤ᠂ ᠲᠥᠯᠦᠪᠵᠢᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠣᠷᠣᠭᠤᠯᠤᠯᠲᠠ  ᠪᠠᠷ ᠭᠤᠣᠯ ᠪᠣᠯᠭᠠᠨ᠂ ᠣᠷᠣᠨ ᠨᠤᠲᠤᠭ ‍ᠤᠨ‌ᠢᠵᠢ ᠪᠦᠷᠢᠳᠦᠭᠦᠯᠬᠦ ᠪᠠᠷ ᠬᠠᠪᠰᠤᠷᠤᠮᠵᠢ ᠪᠤᠯᠭᠠᠵᠤ᠂ ᠠᠵᠤ ᠠᠬᠤᠶᠢᠯᠠᠯ ᠤᠳ ᠥᠷᠭᠡᠨ ᠢᠶᠠᠷ ᠣᠷᠣᠯᠴᠠᠬᠰᠠᠨ ︽1 + N︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ᠂ ᠨᠡᠩ ᠣᠯᠠᠨ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠰᠢᠭᠤᠳ ᠣᠷᠣᠯᠴᠠᠭᠤᠯᠵᠤ᠂ ᠡᠷᠭᠢᠨ ᠲᠣᠭᠤᠷᠢᠨ ᠤ ᠮᠤᠵᠢ ᠣᠷᠣᠨ ᠯᠤᠭ᠎ᠠ ᠲᠣᠭᠲᠠᠭᠰᠠᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠬᠤᠷᠰᠢᠯᠴᠠᠭᠠᠨ ᠤ ᠬᠡᠯᠡᠯᠴᠡᠭᠡᠷ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠵᠢᠯᠴᠠᠨ ᠡᠯᠡᠰᠦ ᠶᠢ ᠵᠠᠰᠠᠬᠤ᠂ ᠡᠯᠡᠰᠦ ᠶᠢ ᠬᠠᠮᠢᠶᠠᠷᠬᠤ᠂ ᠡᠯᠡᠰᠦ ᠶᠢ ᠬᠡᠷᠡᠭᠯᠡᠬᠦ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号