ᠵᠣᠯ ᠵᠢᠷᠭᠠᠯ ᠭᠡᠷ ᠤᠨ ᠢᠶᠠᠨ ᠡᠭᠦᠳᠡᠨ ᠳᠤ ᠪᠣᠢ
ᠨᠡᠶᠢᠲᠡᠯᠡᠭᠰᠡᠨ ᠴᠠᠭ᠄
2024/2/28
     ᠴᠠᠭᠠᠨ ᠰᠠᠷ᠎ᠠ ᠥᠩᠭᠡᠷᠡᠭᠡᠭᠰᠡᠨ ᠤ ᠳᠠᠷᠠᠭ᠎ᠠ᠂ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠵᠠᠮ ᠤᠨ ᠲᠣᠮᠢᠯᠠᠭᠰᠠᠨ ᠰᠠᠯᠪᠤᠷᠢ ᠳᠤ ᠬᠦᠷᠴᠦ᠂ ᠦᠢᠯᠡᠴᠢᠯᠡᠭᠡᠨ ᠤ ᠴᠣᠩᠬᠤ ᠨᠢ ᠴᠦ ︽ᠬᠥᠮᠥᠨ ᠤ ᠬᠦᠴᠦᠨ︾ ᠢᠶᠠᠷ ᠳᠦᠭᠦᠷᠴᠦ᠂ ᠲᠤᠬᠠᠶᠢᠯᠠᠭᠰᠠᠨ ᠠᠵᠢᠯ ᠬᠢᠬᠦ ᠪᠠᠷ ᠢᠷᠡᠭᠰᠡᠨ ᠴᠥᠭᠡᠨ ᠪᠤᠰᠤ ᠰᠠᠭᠤᠭᠠᠯᠢ ᠠᠷᠠᠳ ᠡᠮᠬᠢ ᠵᠢᠷᠤᠮ ᠲᠠᠢ ᠪᠠᠷ ᠮᠥᠷᠯᠡᠵᠦ᠂ ᠬᠠᠷᠢᠯᠴᠠᠨ ᠰᠢᠨ᠎ᠡ ᠵᠢᠯ ᠤᠨ ᠢᠷᠦᠭᠡᠯ ᠳᠡᠪᠰᠢᠭᠦᠯᠵᠦ᠂ ᠴᠢᠷᠠᠢ ᠳᠤᠨᠢ ᠪᠠᠶᠠᠷ ᠪᠠᠭ᠋ᠠᠳᠤᠯ ᠪᠢᠯᠬᠠᠵᠤ ᠪᠠᠶᠢᠪᠠ᠃
         ᠥᠷᠯᠥᠭᠡ ᠡᠷᠲᠡ᠂ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠲᠣᠮᠢᠯᠠᠭᠰᠠᠨ ᠰᠠᠯᠪᠤᠷᠢ ᠶᠢᠨ ᠪᠥᠬᠦ ᠠᠵᠢᠯᠲᠠᠨ ᠤ ᠠᠵᠢᠯ ᠤᠨ ᠪᠠᠶᠢᠷᠢ ᠳᠤ ᠡᠷᠲᠡ ᠬᠦᠷᠴᠦ᠂ ᠦᠢᠯᠡᠴᠢᠯᠡᠭᠡᠨ ᠤ ᠲᠠᠪᠴᠠᠩ ᠢ ᠡᠮᠬᠢᠯᠡᠨ᠂ ᠲᠥᠬᠦᠭᠡᠷᠦᠮᠵᠢ ᠶᠢᠨ ᠠᠵᠢᠯᠯᠠᠭᠠᠨ ᠢ ᠪᠠᠶᠢᠴᠠᠭᠠᠵᠤ᠂ ᠲᠥᠷᠥ ᠶᠢᠨ ᠪᠣᠳᠣᠯᠭ᠎ᠠ ᠶᠢᠨ ᠮᠠᠲ᠋ᠧᠷᠢᠶᠠᠯ ᠢ ᠲᠠᠯᠪᠢᠵᠠᠢ ᠁  ᠪᠡᠯᠡᠳᠬᠡᠵᠦ ᠪᠠᠷᠠᠭᠰᠠᠨ ᠤ ᠳᠠᠷᠠᠭ᠎ᠠ︽ᠡᠭᠦᠳᠡ ᠪᠠᠨ ᠨᠡᠭᠡᠭᠡᠵᠦ ᠵᠣᠴᠢᠳ ᠢ ᠤᠭᠲᠤᠬᠤ︾ ᠪᠡᠯᠡᠳᠬᠡᠯ ᠢᠶᠠᠨ ᠰᠠᠶᠢᠲᠤᠷ ᠬᠢᠨ᠎ᠡ᠃
      ᠰᠢᠨ᠎ᠡ ᠨᠢᠭᠡ ᠵᠢᠯ ᠳᠤ᠂ ᠰᠠᠶᠢᠬᠠᠨ ᠲᠣᠭᠤᠷᠢᠭ ᠠᠷᠠᠳ ᠲᠦᠮᠡᠨ ᠢᠶᠠᠷ ᠭᠤᠣᠯ ᠪᠣᠯᠭᠠᠬᠤ ᠠᠵᠢᠯ ᠤᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠠᠵᠢᠯ ᠶᠠᠪᠤᠳᠠᠯ ᠭᠦᠢᠴᠡᠳᠬᠡᠬᠦ ︽ᠰᠢᠨ᠎ᠡ ᠶᠠᠪᠤᠴᠠ︾ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ︽ᠰᠢᠨ᠎ᠡ ᠠᠷᠭ᠎ᠠ ᠬᠡᠮᠵᠢᠶ᠎ᠡ︾ ᠶᠢ ᠬᠠᠶᠢᠨ ᠰᠦᠪᠡᠭᠴᠢᠯᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠶ ︽ᠰᠢᠨ᠎ᠡ ᠣᠷᠴᠢᠨ ᠲᠣᠭᠤᠷᠢᠨ︾ ᠢ ᠪᠣᠶ ᠪᠣᠯᠭᠠᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ︕      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号