ᠰᠠᠶᠢᠬᠠᠨ ᠲᠣᠭᠤᠷᠢᠭ᠄ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2024/2/28
     ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢᠨ ︽ᠡᠬᠢ ᠪᠠᠶᠠᠯᠢᠭ ᠤᠰᠤ︾ ᠮᠥᠨ᠂ ᠨᠡᠩ ᠴᠤ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ︽ᠠᠮᠢᠨ ᠰᠤᠳᠠᠰᠤ︾ ᠮᠥᠨ᠃ ᠥᠩᠭᠡᠷᠡᠭᠰᠡᠨ ᠨᠢᠭᠡ ᠵᠢᠯ ᠳᠤ᠂ ᠰᠠᠶᠢᠬᠠᠨ ᠲᠣᠭᠤᠷᠢᠭ ᠤᠨ ᠨᠠᠮ ᠤᠨ ᠭᠡᠰᠢᠭᠦᠨ ᠺᠠᠳ᠋ᠷ ᠴᠠᠭ ᠢ ᠠᠮᠵᠢᠨ᠂ ᠠᠬᠢᠴᠠ ᠶᠢ ᠠᠮᠵᠢᠵᠤ᠂ ᠬᠤᠳᠠᠯᠳᠤᠭᠠᠴᠢᠨ ᠤᠷᠢᠵᠤ᠂ ᠰᠠᠨᠠᠭᠠᠴᠢᠯᠠᠭ᠎ᠠ ᠠᠴᠠ ᠪᠠᠨ ᠳᠠᠭᠠᠷᠢᠯᠲᠠ ᠬᠢᠵᠦ᠂ ᠡᠯ᠎ᠡ ᠭᠠᠵᠠᠷ ᠲᠤ ᠬᠦᠷᠴᠦ ᠰᠠᠶᠢᠬᠠᠨ ᠲᠣᠭᠤᠷᠢᠭ ᠲᠤ ᠭᠤᠣᠯᠳᠠᠯᠭ᠎ᠠ ᠲᠠᠢ ᠲᠠᠨᠢᠯᠴᠠᠭᠤᠯᠭ᠎ᠠ ᠬᠢᠵᠦ᠂ 95 ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠣᠭᠲᠠᠭᠰᠠᠨ ᠵᠣᠭᠤᠰ ᠤᠨ ᠲᠤᠭ᠎ᠠ 2319.37 ᠳ᠋ᠦᠩᠰᠢᠭᠤᠷ ᠲᠥᠭᠦᠷᠢᠭ ᠲᠤ ᠬᠦᠷᠴᠦ᠂ 77 ᠲᠥᠷᠥᠯ ᠵᠦᠢᠯ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 81% ᠬᠦᠷᠴᠡᠢ᠃ ᠵᠢᠯ ᠤᠨ ᠡᠬᠢᠨ ᠠᠴᠠ ᠵᠢᠯ ᠤᠨ ᠡᠴᠦᠰ ᠪᠣᠯᠲᠠᠯ᠎ᠠ᠂ ᠰᠠᠶᠢᠬᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢᠮᠠᠭᠲᠠ ᠴᠢᠷᠮᠠᠶᠢᠵᠦ ᠪᠠᠶᠢᠨ᠎ᠠ᠃
     2 ᠰᠠᠷ᠎ᠠ ᠶᠢᠨ 21 ᠤ ᠡᠳᠦᠷ᠂ ᠪᠦᠬᠦ ᠣᠷᠣᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠬᠤᠷᠠᠯᠳᠤᠵᠤ᠂ ᠬᠤᠷᠠᠯ ᠠᠴᠠ ᠵᠢᠷᠤᠭᠯᠠᠭᠰᠠᠨ ᠴᠣ ᠰᠢᠨ᠎ᠡ ᠵᠢᠷᠤᠭ ᠲᠥᠯᠥᠪᠯᠡᠭᠡ ᠰᠠᠶᠢᠬᠠᠨ ᠲᠣᠭᠤᠷᠢᠭ ᠲᠤ ᠬᠠᠯᠠᠭᠤᠨ ᠲᠤᠰᠬᠠᠯ ᠭᠠᠷᠪᠠ᠃ ᠰᠠᠶᠢᠬᠠᠨ ᠲᠣᠭᠤᠷᠢᠭ ᠡᠷᠡᠯᠬᠡᠭᠯᠡᠨ ᠤᠷᠤᠭᠰᠢᠯᠠᠬᠤ ᠣᠪᠣᠷ ᠢᠶᠠᠷ ᠠᠷᠠᠯᠵᠢᠶᠠᠴᠢᠨ ᠤᠷᠢᠬᠤ ᠶᠢ ᠶᠡᠬᠡᠪᠡᠷ ᠠᠳᠬᠤᠬᠤ᠂ ᠲᠦᠷᠦᠯ ᠵᠦᠢᠯ ᠢ ᠶᠡᠬᠡᠪᠡᠷ ᠠᠳᠬᠤᠬᠤ᠂ ᠰᠢᠨ᠎ᠡ ᠶᠢ ᠡᠭᠦᠳᠬᠦ ᠶᠢ ᠶᠡᠬᠡᠪᠡᠷ ᠠᠳᠬᠤᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃            ︽ᠺᠣᠮᠫᠠᠨᠢ ᠪᠣᠯ 2011 ᠣᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠨ ᠬᠥᠬᠡᠬᠤᠲᠠ ᠳᠤ ᠨᠤᠲᠤᠭᠰᠢᠭᠰᠠᠨ ᠶᠤᠮ᠂ 10 ᠭᠠᠷᠤᠢ ᠵᠢᠯ ᠤᠨ ᠬᠥᠭᠵᠢᠯᠲᠡ ᠪᠠᠷ ᠳᠠᠮᠵᠢᠭᠠᠳ ᠨᠡᠯᠢᠶᠡᠳ ᠭᠦᠨ ᠲᠥᠷᠥᠭᠳᠡᠯ ᠲᠠᠢ ᠪᠠᠶᠢᠭ᠎ᠠ ᠨᠢ ᠳᠠᠷᠤᠢ ᠰᠠᠶᠢᠬᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠪᠣᠯ ᠶᠡᠷᠦ ᠠᠴᠠ ᠠᠵᠤ ᠦᠢᠯᠡᠰ ᠤᠨ ᠴᠡᠭ ᠤᠨ ᠬᠤᠳᠠᠯᠳᠤᠭᠠᠴᠢᠨ ᠤᠷᠢᠬᠤ ᠶᠠᠪᠤᠳᠠᠯ ᠪᠢᠰᠢ᠂ ᠬᠠᠷᠢᠨ ᠪᠦᠬᠦ᠋ᠢᠯᠡ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠵᠤ᠂ ᠨᠢᠭᠡᠨᠲᠡ ᠣᠷᠣᠵᠤ ᠰᠠᠭᠤᠭᠰᠠᠨ ᠠᠵᠤ ᠠᠬᠤᠶᠢᠯᠠᠯ ᠳᠤ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠦᠷᠢᠯᠡᠵᠦ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠵᠦ᠂ ᠨᠢᠭᠡ ᠲᠠᠯ᠎ᠠ ᠪᠠᠷ ᠣᠷᠣᠨ ᠨᠤᠲᠤᠭ ᠤᠨ ᠠᠵᠤ ᠠᠬᠤᠢ ᠶᠢ ᠬᠥᠭᠵᠢᠭᠦᠯᠵᠡᠢ᠂ ᠨᠥᠭᠦᠭᠡ ᠲᠠᠯ᠎ᠠ ᠪᠠᠷ ᠠᠵᠤ ᠠᠬᠤᠶᠢᠯᠠᠯ ᠤᠨ ᠡᠵᠡᠩᠨᠡᠯᠲᠡ ᠪᠠ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠠᠵᠤ ᠠᠬᠤᠶᠢᠯᠠᠯ ᠤᠨ ᠠᠳᠠᠯᠢ ᠠᠵᠢᠯ ᠲᠥᠷᠥᠯ ᠳᠠᠬᠢ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠡᠢ᠂ ᠰᠠᠶᠢᠬᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠨᠢ ᠠᠵᠤ ᠠᠬᠤᠶᠢᠯᠠᠯ ᠳᠤ ᠶᠠᠭᠠᠷᠠᠪᠴᠢᠯᠠᠨ ᠪᠡᠯᠡ ᠣᠷᠣᠭᠤᠯᠤᠭᠰᠠᠨ ᠨᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ᠂ ᠪᠣᠷᠤᠯᠠᠭᠤᠯᠭ᠎ᠠ ᠶᠢᠨ ᠬᠦᠷᠢᠶ᠎ᠡ ᠴᠠᠷᠠᠭ᠎ᠠ ᠵᠡᠷᠭᠡ ᠲᠠᠯ᠎ᠠ ᠲᠠᠯ᠎ᠠ ᠶᠢᠨ ᠠᠰᠠᠭᠤᠳᠠᠯ ᠳᠤ ᠴᠥᠮ ᠥᠨᠳᠥᠷ ᠪᠦᠲᠦᠮᠵᠢᠲᠡᠢ ᠴᠠᠭ ᠲᠤᠬᠠᠢ ᠳᠤᠨᠢ ᠦᠢᠯᠡᠴᠢᠯᠡᠭᠡ ᠬᠠᠩᠭᠠᠭᠰᠠᠨ ᠪᠠᠶᠢᠨ᠎ᠠ︾ ᠭᠡᠵᠦ ᠧᠦ ᠵᠢᠩ ᠰᠢᠨᠵᠢᠯᠡᠬᠦ ᠤᠬᠠᠭᠠᠨ ᠮᠡᠷᠭᠡᠵᠢᠯ ᠤᠨ ᠶᠡᠷᠦᠩᠬᠡᠢ ᠳᠠᠭᠠᠭᠠᠮᠠᠯ ᠠᠨ ᠰᠢᠦᠢ ᠲᠣᠤ ᠬᠡᠯᠡᠪᠡ᠃            2023 ᠣᠨ ᠳᠤ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ 892.2 ᠳ᠋ᠦᠩᠰᠢᠭᠤᠷ ᠲᠥᠭᠦᠷᠢᠭ ᠲᠤ ᠬᠦᠷᠴᠦ᠂ ᠠᠵᠤ ᠦᠢᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 114.5 ᠳ᠋ᠦᠩᠰᠢᠭᠤᠷ ᠲᠥᠭᠦᠷᠢᠭ᠂ ᠰᠢᠨ᠎ᠡ ᠮᠠᠲ᠋ᠧᠷᠢᠶᠠᠯ ᠲᠣᠨᠣᠭᠯᠠᠯ ᠦᠢᠯᠡᠳᠬᠦ ᠠᠵᠤ ᠦᠢᠯᠡᠰ ᠪᠣᠯᠣᠨ ᠤᠳᠤ ᠦᠶ᠎ᠡ ᠶᠢᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ 21 ᠲᠦᠷᠦᠯ ᠵᠦᠢᠯ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 297.7 ᠳ᠋ᠦᠩᠰᠢᠭᠤᠷ ᠲᠥᠭᠦᠷᠢᠭ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ 31 ᠪᠠᠶᠢᠵᠤ᠂ ᠵᠥᠪᠯᠡᠯᠴᠡᠭᠡᠷ ᠤᠨ ᠪᠡᠯᠡ ᠣᠷᠣᠭᠤᠯᠤᠯᠲᠠ ᠵᠢᠨ‌‍ᠲ᠋ᠤᠭ᠎ᠠ 1115 ᠳ᠋ᠦᠩᠰᠢᠭᠤᠷ ᠲᠥᠭᠦᠷᠢᠭ ᠲᠤ ᠬᠦᠷᠴᠡᠢ᠃ 98 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠢᠨ ᠬᠤᠸᠠᠨ ᠤ 10 ᠲᠦᠮᠡᠨ ᠲᠣᠨ ᠮᠥᠬᠦᠯᠢᠭᠲᠦ ᠴᠠᠬᠢᠭᠤᠷ ᠤᠨ ᠲᠦᠷᠦᠯ ᠵᠦᠢᠯ ᠪᠣᠯᠣᠨ 28 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠢᠨ ᠬᠤᠸᠠ ᠶᠢᠨ 1 ᠲᠦᠮᠡᠨ ᠲᠣᠨ ᠡᠯᠧᠺᠲᠷᠣᠨ ᠤ ᠲᠡᠰ ᠤᠨ ᠤᠯᠠᠨ ᠲᠠᠯᠠᠰᠲᠤ ᠴᠠᠬᠢᠭᠤᠷ ᠤᠨ ᠲᠦᠷᠦᠯ ᠵᠦᠢᠯ ᠢ ᠨᠢᠭᠡᠨᠲᠡ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠣᠭᠤᠯᠪᠠ᠃ ᠶᠡᠷᠦᠩᠬᠡᠢ ᠪᠡᠯᠡ ᠣᠷᠣᠭᠤᠯᠤᠯᠲᠠ ᠨᠢ 300 ᠳ᠋ᠦᠩᠱᠢᠭᠤᠷ ᠲᠥᠭᠦᠷᠢᠭ ᠲᠤ ᠬᠦᠷᠦᠭᠰᠡᠨ ᠰᠠᠢ ᠱᠧᠩ ᠴᠠᠬᠢᠭᠤᠷ ᠤᠨ ᠦᠢᠯᠡᠰ  ᠤᠨ ᠲᠥᠷᠥᠯ ᠵᠦᠢᠯ ᠨᠢ ᠨᠢᠳᠤᠨᠤᠨ ᠤ 9 ᠰᠠᠷ᠎ᠠ ᠶᠢᠨ 16  ᠤ ᠡᠳᠦᠷ ᠠᠴᠠ 10 ᠰᠠᠷ᠎ᠠ ᠶᠢᠨ 3 ᠤ ᠡᠳᠦᠷ ᠪᠣᠯᠲᠠᠯ᠎ᠠ ᠲᠥᠷᠥᠯ ᠵᠦᠢᠯ ᠦᠨ ᠢᠨᠵᠧᠨᠧᠷᠢᠩ ᠦᠨ ᠬᠡᠯᠲᠡᠰ ᠲᠠᠯᠠᠪᠠᠢ ᠳᠤ ᠣᠷᠣᠵᠤ᠂ 20 ᠡᠳᠦᠷ ᠬᠦᠷᠬᠦ ᠦᠭᠡᠢ ᠴᠠᠭ ᠬᠡᠷᠡᠭᠯᠡᠵᠦ᠂ ᠰᠠᠶᠢᠬᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠱᠢᠨ᠎ᠡ ᠬᠤᠷᠳᠤᠴᠠ ᠶᠢ ᠡᠭᠦᠳᠦᠭᠰᠡᠨ ᠪᠠᠶᠢᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠰᠠᠶᠢᠨ ᠲᠤᠷᠰᠢᠯᠭ᠎ᠠ ᠶᠢᠨ ᠲᠤᠬᠠᠢ ᠶᠠᠷᠢᠬᠤ ᠳᠠᠭᠠᠨ᠂ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠯᠢ ᠶᠦᠩ ᠬᠤᠩ ᠲᠠᠨᠢᠯᠴᠠᠭᠤᠯᠬᠤ ᠳᠠᠭᠠᠨ᠄ ︽ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠣᠯ ᠴᠠᠭ ᠦᠶ᠎ᠡ ᠪᠠ ᠭᠠᠵᠠᠷ ᠣᠷᠣᠨ ᠤ ᠠᠰᠢᠭ ᠬᠥᠮᠥᠨ ᠮᠥᠨ᠂ ᠨᠢᠭᠡ ᠴᠦ ᠳᠤᠲᠠᠭᠳᠠᠬᠤ ᠦᠭᠡᠢ᠂ ᠴᠠᠭ ᠮᠥᠴᠡ ᠪᠣᠯ ᠳᠠᠷᠤᠢ ᠬᠤᠳᠠᠯᠳᠤᠭ᠎ᠠ ᠡᠷᠬᠢᠯᠡᠬᠦ ᠰᠠᠶᠢᠨ ᠣᠷᠴᠢᠨ ᠨᠥᠬᠦᠴᠡᠯ ᠢ ᠪᠤᠢ ᠪᠣᠯᠭᠠᠵᠤ᠂ ᠭᠠᠵᠠᠷ ᠣᠷᠣᠨ ᠤ ᠠᠰᠢᠭ ᠲᠤᠰᠠ ᠨᠢ ᠳᠠᠷᠤᠢ ᠮᠠᠨ ᠤ ᠤᠳᠤ ᠶᠢᠨ ᠪᠠᠶᠢᠭ᠎ᠠ ᠭᠠᠵᠠᠷ ᠣᠷᠣᠨ ᠤ ᠳᠠᠪᠠᠭᠤᠯᠢᠭ᠂ ᠣᠷᠣᠨ ᠪᠠᠶᠢᠷᠢ ᠶᠢᠨ ᠳᠠᠪᠠᠭᠤᠯᠢᠭ᠂ ᠴᠠᠬᠢᠯᠭᠠᠨ ᠤ ᠦᠨ᠎ᠡ ᠶᠢᠨ ᠳᠠᠪᠠᠭᠤᠯᠢᠭ ᠵᠡᠷᠭᠡ ᠨᠥᠬᠦᠴᠡᠯ ᠢ ᠠᠰᠢᠭᠯᠠᠵᠤ᠂ ᠬᠥᠮᠥᠨ ᠪᠠ ᠨᠡᠩ ᠴᠤ ᠡᠯ᠎ᠡ ᠱᠠᠲᠤᠨ ᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠ ᠠᠬᠢᠭᠤᠯᠤᠯ ᠠᠴᠠ ᠰᠠᠯᠵᠤ ᠴᠢᠳᠠᠬᠤ ᠦᠭᠡᠢ ᠶᠤᠮ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠣᠲᠣ ᠶᠢᠨ ᠪᠠᠶᠢᠭ᠎ᠠ ᠠᠵᠤ ᠠᠬᠤᠶᠢᠯᠠᠯ ᠳᠤ ᠨᠡᠩ ᠰᠠᠶᠢᠲᠤᠷ ᠦᠢᠯᠡᠴᠢᠯᠡᠵᠦ᠂ ᠤᠳᠤ ᠪᠠᠶᠢᠭ᠎ᠠ ᠲᠣᠯᠣᠭᠠᠶᠢᠯᠠᠭᠴᠢ ᠠᠵᠤ ᠠᠬᠤᠶᠢᠯᠠᠯ ᠤᠨ ᠬᠡᠯᠬᠢᠶ᠎ᠡ ᠶᠢᠨ ᠭᠤᠣᠯ ᠠᠵᠤ ᠠᠬᠤᠶᠢᠯᠠᠯ ᠢ ᠠᠳᠬᠤᠵᠤ᠂ ᠡᠨᠡᠬᠦ ᠬᠡᠯᠬᠢᠶ᠎ᠡ ᠶᠢ ᠤᠷᠳᠤ ᠬᠤᠭᠤᠴᠠᠭ᠎ᠠ ᠪᠠᠷ ᠤᠷᠲᠤᠳᠬᠠᠵᠤ᠂ ᠳᠡᠭᠡᠳᠦ ᠳᠣᠣᠷᠠᠳᠤ ᠤᠷᠤᠰᠬᠠᠯ ᠲᠡᠰᠢ ᠤᠷᠲᠤᠳᠬᠠᠵᠤ᠂ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠬᠦ ᠬᠡᠷᠡᠭᠲᠡᠢ᠃            ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠣᠷᠣᠭᠤᠯᠵᠤ ᠳᠡᠶᠢᠯᠬᠦ᠂ ᠦᠯᠡᠳᠡᠭᠡᠵᠦ ᠳᠡᠶᠢᠯᠬᠦ ᠬᠡᠷᠡᠭᠲᠡᠢ᠂ ᠵᠠᠩᠭᠢᠯᠠᠭ᠎ᠠ ᠨᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠤ ᠪᠠᠶᠢᠬᠤ ᠬᠡᠷᠡᠭᠲᠡᠢ᠃ ᠠᠵᠢᠯᠯᠠᠭᠰᠠᠨ ᠨᠢᠭᠡᠳᠦᠭᠡᠷ ᠡᠳᠦᠷ᠂ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠶᠡᠷᠦᠩᠬᠡᠶᠢᠯᠡᠨ ᠵᠣᠬᠢᠴᠠᠭᠤᠯᠬᠤ ᠳᠤᠭᠤᠶᠢᠯᠠᠩ ᠳᠣᠬᠢᠭᠤᠷ ᠳᠣᠯᠣᠭᠠᠨ ᠣᠳᠣ ᠶᠢᠨ ᠲᠣᠮᠣ ᠠᠰᠠᠷ ᠲᠤ ᠣᠷᠣᠵᠤ ᠰᠠᠭᠤᠭᠰᠠᠨ ᠠᠵᠤ ᠠᠬᠤᠶᠢᠯᠠᠯ ᠤᠨ ᠨᠡᠶᠢᠳᠡᠮ ᠠᠩᠬᠠᠷᠴᠤ ᠪᠠᠶᠢᠭ᠎ᠠ ᠠᠵᠢᠯᠲᠠᠨ ᠠᠵᠢᠯᠴᠢᠨ ᠤ ᠲᠡᠷᠭᠡ ᠵᠣᠭᠰᠣᠬᠤ᠂ ᠬᠤᠭᠤᠯᠠ ᠢᠳᠡᠬᠦ᠂ ᠠᠳᠠᠯ ᠠᠬᠤᠢ ᠵᠡᠷᠭᠡ ᠠᠰᠠᠭᠤᠳᠠᠯ ᠢ ᠬᠠᠷᠢᠭᠤᠯᠪᠠ᠃ ᠥᠪᠥᠷ ᠮᠣᠩᠭᠤᠯ ᠤᠨ ᠳᠣᠬᠢᠭᠤᠷ ᠳᠣᠯᠣᠭᠠᠨ ᠥᠨᠳᠥᠷ ᠬᠤᠪᠢᠶᠠᠷᠢ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ ᠵᠢᠷᠭᠠᠯᠠᠩᠲᠤ ᠳᠣᠬᠢᠭᠤᠷ ᠲᠤᠯᠤᠭᠠᠨ ᠠᠰᠠᠷ ᠤᠨ ᠵᠠᠰᠠᠯ ᠴᠢᠮᠡᠭᠯᠡᠯ ᠤᠨ ᠠᠬᠢᠴᠠ ᠶᠢᠨ ᠴᠡᠭ ᠲᠤ ᠮᠠᠭᠲᠠᠨ ᠰᠠᠶᠢᠰᠢᠶᠠᠵᠤ᠄ ︽ᠮᠠᠨ ᠤ ᠠᠵᠤ ᠠᠬᠤᠶᠢᠯᠠᠯ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ᠭᠠᠵᠠᠷ ᠰᠣᠩᠭᠤᠭᠰᠠᠨ ᠨᠢ ᠪᠣᠯ ᠪᠢᠳᠡ ᠰᠠᠶᠢᠬᠠᠨ ᠲᠣᠭᠤᠷᠢᠭ ᠪᠠ ᠠᠶᠠᠯᠠᠯ ᠤᠨ ᠨᠡᠭᠡᠭᠡᠯᠲᠡ ᠶᠢᠨ ᠲᠣᠭᠤᠷᠢᠭ ᠤᠨ ᠢᠷᠡᠭᠡᠳᠦᠢ ᠶᠢᠨ ᠬᠥᠭᠵᠢᠯᠲᠡ ᠶᠢᠨ ᠲᠥᠯᠦᠪᠵᠢᠭᠦᠯᠭᠡ ᠪᠠ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠷᠢ ᠲᠣᠭᠲᠠᠭᠠᠯᠲᠠ ᠨᠢ ᠲᠣᠳᠣᠷᠬᠠᠢ᠂ ᠲᠥᠷᠥ ᠶᠢᠨ ᠪᠣᠳᠣᠯᠭ᠎ᠠ ᠨᠢ ᠲᠣᠳᠣᠷᠬᠠᠢ᠂ ᠪᠠᠲᠤᠯᠠᠭ᠎ᠠ ᠨᠢ ᠲᠣᠳᠣᠷᠬᠠᠢ ᠪᠠᠶᠢᠳᠠᠭ ᠠᠴᠠ ᠪᠢᠳᠡ ᠠᠶᠠᠯᠠᠯ ᠤᠨ ᠨᠡᠭᠡᠭᠡᠯᠲᠡ ᠶᠢᠨ ᠲᠣᠭᠤᠷᠢᠭ ᠤᠨ ᠲᠣᠪᠣᠶᠢᠮ᠎ᠠ ᠳᠠᠪᠠᠭᠤᠯᠢᠭ ᠢ ᠲᠣᠳᠣᠷᠬᠠᠢ ᠣᠯᠵᠤ ᠮᠠᠲᠠᠵᠠᠢ᠃ ᠲᠥᠷᠥᠯ ᠵᠦᠢᠯ ᠤᠨ ᠭᠡᠷ᠎ᠡ ᠲᠣᠭᠲᠠᠭᠰᠠᠨ ᠤ ᠳᠠᠷᠠᠭ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠮᠠᠰᠢ ᠲᠦᠷᠭᠡᠨ ᠢᠶᠠᠷ ᠪᠢᠳᠡᠨ ᠲᠠᠢ ᠵᠣᠯᠭᠠᠭᠤᠯᠵᠤ᠂ ᠲᠥᠷᠥᠯ ᠵᠦᠢᠯ ᠤᠨ ᠲᠠᠯᠠᠪᠤᠷ ᠭᠠᠵᠠᠷ ᠰᠣᠩᠭᠤᠬᠤ᠂ ᠭᠠᠷᠳᠠᠮ ᠭᠦᠢᠴᠡᠳᠬᠡᠬᠦ ᠵᠡᠷᠭᠡ ᠲᠠᠯ᠎ᠠ ᠪᠠᠷ ᠪᠢᠳᠡᠨ ᠳᠤ ︿ᠠᠰᠠᠷᠠᠭᠴᠢ ᠮᠠᠶ᠋ᠢᠭ﹀ ᠤᠨ ᠦᠢᠯᠡᠴᠢᠯᠡᠭᠡ ᠬᠠᠩᠭᠠᠪᠠ᠂ ᠡᠨᠡ ᠨᠢ ᠮᠠᠨ ᠤ ᠠᠵᠤ ᠠᠬᠤᠶᠢᠯᠠᠯ ᠢᠶᠠᠷ ᠬᠤᠶᠢᠰᠢᠳᠠ ᠶᠢᠨ ᠣᠷᠣᠰᠢᠵᠤ ᠪᠠᠶᠢᠭ᠎ᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠤ ᠢᠲᠡᠭᠡᠯ ᠲᠡᠭᠦᠯᠳᠡᠷ ᠪᠠᠶᠢᠨ᠎ᠠ︾ ᠭᠡᠵᠡᠢ᠃            ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠯᠢ ᠬᠤᠤ ᠱᠦ᠄ ︽2024 ᠣᠨ ᠳᠤ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠨᠢ ᠤᠯᠤᠰ ᠤᠨ ᠲᠠᠰ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢᠶᠠᠷ ᠠᠵᠠ ᠲᠣᠬᠢᠶᠠᠯ ᠪᠣᠯᠭᠠᠵᠤ᠂ ᠠᠵᠤ ᠦᠢᠯᠡᠰ ᠤᠨ ᠭᠤᠷᠪᠠᠨ ᠵᠠᠮ  ᠤᠨ ᠢᠵᠢ ᠪᠦᠷᠢᠳᠦᠭᠦᠯᠬᠦ ᠬᠤᠭᠤᠯᠠᠢ ᠶᠢᠨ ᠲᠣᠣᠷ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ᠂ ᠳᠣᠬᠢᠭᠤᠷ ᠲᠤᠯᠤᠭᠠᠨ ᠣᠲᠣ ᠥᠨᠳᠥᠷ ᠬᠤᠪᠢᠶᠠᠷᠢ ᠬᠡᠷᠡᠭᠯᠡᠭᠡᠨ ᠤ ᠠᠵᠤ ᠦᠢᠯᠡᠰ ᠤᠨ ᠬᠦᠷᠢᠶᠡᠯᠡᠩ ᠵᠡᠷᠭᠡ 10 ᠢᠵᠢ ᠪᠦᠷᠢᠳᠦᠭᠦᠯᠬᠦ ᠲᠥᠷᠥᠯ ᠵᠦᠢᠯ ᠢ ᠭᠤᠣᠯᠳᠠᠯᠭ᠎ᠠ ᠲᠠᠢ ᠬᠡᠷᠡᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠪᠠ ᠳᠠᠬᠢᠯᠲᠠ ᠤᠰᠤᠨ ᠤ ᠦᠢᠯᠡᠳᠪᠦᠷᠢ ᠵᠡᠷᠭᠡ 10 ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠭᠠᠷᠳᠠᠴᠠ ᠪᠣᠯᠭᠠᠬᠤ ᠶᠢ ᠪᠠᠷᠢᠮᠲᠠᠯᠠᠨ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠪᠤᠴᠠ ᠳᠤ ᠪᠣᠯᠭᠤᠮᠵᠢᠲᠠᠢ ᠠᠮᠠᠯᠠᠵᠤ᠂ ᠠᠮᠠᠯᠠᠯᠲᠠ ᠪᠠᠨ ᠪᠡᠶᠡᠯᠡᠭᠦᠯᠬᠦ ᠶᠢᠨ ᠬᠠᠮᠲᠤ ᠤᠳᠤᠷᠢᠳᠬᠤ ᠺᠠᠳ᠋ᠷ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠬᠡᠷᠡᠭᠵᠢᠭᠦᠯᠵᠦ᠂ ᠨᠢᠭᠡᠨᠲᠡ ᠭᠡᠷ᠎ᠡ ᠲᠣᠭᠲᠠᠭᠰᠠᠨ ᠲᠥᠷᠥᠯ ᠵᠦᠢᠯ ᠢ ᠨᠢᠭᠡᠳ ᠨᠢᠭᠡ ᠪᠠᠷ ᠨᠠᠶᠢᠷᠠᠭᠤᠯᠤᠨ ᠵᠣᠬᠢᠶᠠᠵᠤ ᠨᠠᠶᠢᠳᠠᠪᠤᠷᠢᠵᠢᠭᠤᠯᠬᠤ ᠲᠥᠰᠥᠯ ᠢ ᠬᠡᠷᠡᠭᠵᠢᠭᠦᠯᠵᠦ᠂ ᠦᠢᠯᠡᠴᠢᠯᠡᠭᠡᠨ ᠤ ᠲᠤᠰᠬᠠᠢ ᠠᠩᠭᠢ ᠪᠠᠶᠢᠭᠤᠯᠤᠨ ᠠᠬᠢᠭᠤᠯᠵᠤ᠂ ᠣᠷᠣᠭᠤᠯᠤᠨ ᠠᠪᠴᠢᠷᠠᠭᠰᠠᠨ ᠲᠥᠷᠥᠯ ᠵᠦᠢᠯ ᠢ ᠠᠯᠢ ᠲᠦᠷᠭᠡᠨ ᠢᠶᠠᠷ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠶᠢ ᠦᠨᠡᠨ ᠬᠦ ᠪᠠᠲᠤᠯᠠᠪᠠ᠃︾            ᠴᠢᠷᠮᠠᠶᠢᠨ ᠲᠡᠮᠡᠴᠡᠵᠦ ᠬᠥᠭᠵᠢᠯᠲᠡ ᠶᠢ ᠡᠷᠢᠯᠬᠢᠯᠡᠵᠦ᠂ ᠤᠷᠤᠰᠬᠠᠯ ᠤᠨ ᠲᠦᠷᠦᠭᠦᠴᠢ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠡ᠃ 2024 ᠣᠨ ᠳᠤ᠂ ᠰᠠᠶᠢᠬᠠᠨ‌‍ᠲ᠋ᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠪᠣᠯ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 60 ᠲᠦᠷᠦᠯ ᠵᠦᠢᠯ ᠢ ᠣᠷᠣᠭᠤᠯᠤᠨ‌ᠠᠪᠴᠢᠷᠠᠵᠤ᠂ 100 ᠳ᠋ᠦᠩᠰᠢᠭᠤᠷ ᠲᠥᠭᠦᠷᠢᠭ‌ᠢ ᠪᠡᠶᠡᠯᠡᠭᠦᠯᠬᠦ ᠪᠠᠷ ᠴᠢᠷᠮᠠᠶᠢᠬᠤ ᠶᠠᠪᠤᠳᠠᠯ ᠪᠣᠯᠣᠨ᠎ᠠ᠃ ︽ᠪᠢᠳᠡ ᠥᠪᠡᠷᠲᠡᠭᠡᠨ ᠵᠠᠰᠠᠬᠤ ᠣᠷᠣᠨ ᠤ ︿ᠴᠠᠭᠠᠨ ᠰᠠᠷ᠎ᠠ ᠶᠢᠨ ᠨᠢᠭᠡᠳᠦᠭᠡᠷ ᠴᠤᠭᠯᠠᠭᠠᠨ﹀ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠲᠣᠭᠤᠷᠢᠭ ᠤᠨ ︿ᠨᠢᠭᠡᠳᠦᠭᠡᠷ ᠨᠣᠮᠧᠷᠲᠤ ᠢᠨᠵᠧᠨᠧᠷᠢᠩ﹀︿ᠲᠡᠷᠢᠭᠦᠨ ᠵᠡᠷᠭᠡ ᠶᠢᠨ ᠶᠡᠭᠡ ᠶᠠᠪᠤᠳᠠᠯ﹀ ᠪᠣᠯᠭᠠᠵᠤ᠂ ︿ᠦᠨᠡᠨᠴᠢ ᠢᠲᠡᠭᠡᠮᠵᠢᠲᠡᠢ﹀ ᠶᠢ ᠬᠤᠳᠠᠯᠳᠤᠭᠠᠴᠢᠨ ᠤᠷᠢᠬᠤ ᠪᠦᠬᠦ ᠶᠠᠪᠤᠴᠠ᠂ ᠪᠦᠬᠦ ᠦᠶᠡᠯᠡᠯ ᠤᠨ ᠬᠤᠭᠤᠴᠠᠭᠠᠨ ᠳᠤ ᠲᠤᠤᠱᠯᠠᠭᠤᠯᠬᠤ ᠶᠢᠨ ᠬᠠᠮᠲᠤ᠂ ᠪᠢᠳᠡ ᠪᠠᠰᠠ ︿ᠬᠤᠳᠠᠯᠳᠤᠭᠠᠴᠢᠨ ᠤᠷᠢᠬᠤ ᠡᠭᠦᠷᠭᠡ﹀ ᠢᠶᠠᠨ ᠡᠭᠦᠷᠭᠡᠯᠡᠵᠦ᠂ ᠬᠥᠮᠥᠨ ᠪᠦᠬᠦᠨ ᠮᠥᠷᠥᠨ ᠳᠡᠭᠡᠷ᠎ᠡ ᠪᠠᠨ ᠭᠦᠢᠴᠡᠳᠬᠡᠬᠦ ᠲᠤᠭ᠎ᠠ ᠲᠠᠢ︾ ᠪᠠᠶᠢᠬᠤ ᠵᠠᠷᠴᠢᠮ ᠢ ᠪᠠᠷᠢᠮᠲᠠᠯᠠᠵᠤ᠂ ᠳᠥᠷᠪᠡᠨ ᠶᠡᠭᠡ ᠪᠠᠭ ᠤᠨ ᠤᠳᠤᠷᠢᠳᠤᠯᠭ᠎ᠠ ᠲᠦᠷᠦᠭᠦᠯᠡᠨ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ᠂ ᠲᠤᠰᠬᠠᠢ ᠠᠩᠭᠢ ᠳᠤ ᠠᠩᠬᠠᠷᠤᠯ ᠢᠶᠠᠨ ᠲᠥᠪᠯᠡᠷᠡᠭᠦᠯᠦᠨ ᠠᠵᠢᠯ ᠲᠥᠷᠥᠯ ᠤᠨ ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ᠂ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠲᠠᠢ ᠪᠠᠨ ᠤᠶᠠᠯᠳᠤᠭᠤᠯᠤᠨ ᠪᠦᠬᠦ ᠠᠵᠢᠯᠲᠠᠨ ᠬᠤᠳᠠᠯᠳᠤᠭᠠᠴᠢᠨ ᠤᠷᠢᠬᠤ ᠵᠡᠷᠭᠡ ᠵᠠᠭᠪᠤᠷ ᠢ ᠠᠪᠴᠤ᠂ ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠣᠭᠤᠷᠢᠨ ᠳᠤ᠂ ᠴᠠᠬᠢᠭᠤᠷ ᠤᠨ ᠮᠠᠲ᠋ᠧᠷᠢᠶᠠᠯ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠠᠭᠠᠷ ᠰᠠᠨᠰᠠᠷ ᠤᠨ ᠠᠶᠠᠯᠠᠯ ᠵᠡᠷᠭᠡ ᠪᠦᠬᠦ ᠣᠷᠣᠨ ᠤ ᠭᠤᠣᠯᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠪᠠᠷ ᠭᠤᠣᠯᠳᠠᠭᠤᠯᠵᠤ᠂ ᠭᠠᠵᠠᠷ ᠰᠢᠷᠣᠢ᠂ ᠭᠠᠷ ᠭᠦᠢᠴᠡᠳᠬᠡᠯ ᠵᠡᠷᠭᠡ ᠬᠦᠴᠦᠨ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠠᠶᠢᠬᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦᠯᠡᠨ ᠠᠬᠢᠭᠤᠯᠤᠨ᠎ᠠ︾ ᠭᠡᠵᠦ ᠰᠠᠶᠢᠬᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠶᠣᠰᠣᠯᠠᠯ ᠢ ᠲᠠᠨᠢᠯᠴᠠᠭᠤᠯᠪᠠ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号