ᠰᠠᠶᠢᠬᠠᠨ ᠲᠣᠭᠤᠷᠢᠭ ᠄ ︽ᠮᠠᠨ ᠤ ᠪᠠᠶᠠᠷ ᠤᠨ ᠡᠳᠦᠷ · ᠥᠯᠵᠡᠶᠢᠲᠦ ᠡᠳᠦᠷ ᠤᠨ ᠪᠠᠶᠠᠷ︾ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2024/2/28
       2 ᠰᠠᠷ᠎ᠠ ᠶᠢᠨ 23 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠷᠢᠶ᠎ᠠ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ︽ᠮᠠᠨ ᠤ ᠪᠠᠶᠠᠷ ᠤᠨ ᠡᠳᠦᠷ · ᠥᠯᠵᠡᠶᠢᠲᠦ ᠡᠳᠦᠷ  ᠤᠨ ᠪᠠᠶᠠᠷ︾ ᠤᠨ ᠠᠷᠠᠳ ᠲᠤ ᠠᠱᠢᠭ ᠬᠦᠷᠲᠡᠭᠡᠬᠦ ᠤᠷᠠᠨ ᠰᠠᠶᠢᠬᠠᠨ ᠤ ᠲᠣᠭᠯᠠᠯᠲᠠ ᠶᠢᠨ ᠠᠵᠢᠯᠯᠠᠭ᠎ᠠ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ‍ᠤᠨ‌‍ᠲ᠋ᠥ᠋ᠪ ᠲᠤ ᠶᠠᠪᠤᠭᠳᠠᠪᠠ᠃
          ︽ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠤᠨ ᠪᠠᠶᠠᠷ ᠤᠨ ᠡᠳᠦᠷ ᠤᠨ ᠲᠠᠰᠢᠷᠠᠮ ᠢᠶᠠᠷ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠠᠷᠠᠳ ᠣᠯᠠᠨ ᠤ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠡᠳᠦᠷ ᠤᠨ ᠬᠤᠭᠤᠴᠠᠭᠠᠨ ᠳᠠᠬᠢ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠪᠠᠶᠠᠷ ᠤᠨ ᠡᠳᠦᠷ ᠤᠨ ︿ᠰᠣᠶᠣᠯ ᠤᠨ ᠦᠪᠡᠳᠡᠭᠰᠢ ᠨᠠᠶᠢᠷ﹀ ᠢ ᠪᠣᠶ ᠪᠣᠯᠭᠠᠵᠤ᠂ ᠪᠠᠶᠠᠷ ᠪᠠᠶᠠᠰᠬᠤᠯᠠᠩᠲᠤ᠂ ᠪᠠᠶᠠᠷ ᠬᠥᠷ ᠲᠠᠢ᠂ ᠥᠯᠵᠡᠢ ᠪᠡᠯᠭᠡ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠣᠶ ᠪᠣᠯᠭᠠᠵᠤ᠂ ᠰᠠᠶᠢᠬᠠᠨ ᠲᠣᠭᠤᠷᠢᠭ ᠪᠥᠬᠦ ᠲᠣᠭᠤᠷᠢᠭ ᠤᠨ ᠬᠡᠪᠴᠢᠶᠡᠨ ᠳᠤ ᠣᠯᠠᠨ ᠲᠦᠮᠡᠨ ᠤ ᠰᠣᠶᠣᠯ᠂ ᠮᠥᠰᠥ ᠴᠠᠰᠤᠨ ᠤ ᠵᠢᠭᠤᠯᠴᠢᠯᠠᠯ᠂ ᠬᠤᠳᠠᠯᠳᠤᠭᠠᠨ ᠤ ᠲᠣᠭᠤᠷᠢᠭ ᠤᠨ ᠪᠣᠷᠤᠯᠠᠭᠤᠯᠭ᠎ᠠ ᠶᠢ ᠠᠬᠢᠭᠤᠯᠬᠤ ᠭᠤᠷᠪᠠᠨ ᠶᠡᠭᠡ ᠲᠥᠷᠥᠯ ᠨᠡᠶᠢᠲᠡ 32 ᠵᠦᠢᠯ ᠤᠨ ᠪᠠᠶᠠᠷ ᠳᠤᠷᠠᠰᠬᠠᠯ ᠤᠨ ᠠᠵᠢᠯᠯᠠᠭ᠎ᠠ ᠥᠷᠨᠢᠭᠦᠯᠪᠡ᠃                ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠡᠯ᠎ᠡ ᠲᠥᠷᠥᠯ ᠤᠨ ᠰᠣᠶᠣᠯ ᠤᠨ ᠲᠣᠭᠯᠠᠯᠲᠠ ᠶᠢᠨ ᠠᠵᠢᠯᠯᠠᠭ᠎ᠠ ᠶᠢ ᠦᠷᠭᠦᠯᠵᠢᠯᠡᠨ ᠢᠳᠡᠪᠬᠢᠲᠡᠢ ᠥᠷᠨᠢᠭᠦᠯᠵᠦ᠂ ᠰᠠᠶᠢᠬᠠᠨ ᠲᠣᠭᠤᠷᠢᠭ ᠤᠨ ᠣᠯᠠᠨ ᠲᠦᠮᠡᠨ ᠳᠤ ᠬᠥᠭᠵᠢᠶᠡᠨᠲᠡᠢ ᠰᠣᠶᠣᠯ ᠤᠨ ᠬᠤᠭᠤᠯᠠ ᠬᠦᠷᠭᠡᠵᠦ᠂ ᠬᠠᠷᠢᠶᠠᠲᠤ ᠣᠷᠣᠨ ᠤ ᠣᠯᠠᠨ ᠲᠦᠮᠡᠨ ᠳᠤ ᠤᠯᠠᠮᠵᠢᠯᠠᠯᠲᠤ ᠪᠠᠶᠠᠷ ᠤᠨ ᠡᠳᠦᠷ ᠤᠨ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠪᠠ ᠥᠪᠡᠷᠮᠢᠴᠡ ᠷᠢᠳᠢ ᠰᠢᠳᠢ ᠶᠢ ᠭᠦᠢᠴᠡᠳ ᠮᠡᠳᠡᠷᠡᠭᠦᠯᠵᠦ᠂ ᠬᠠᠷᠢᠶᠠᠲᠤ ᠣᠷᠣᠨ ᠤ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠦᠨ᠎ᠡ᠃                ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号