ᠬᠤᠷᠢᠭ᠎ᠠ ᠱᠤᠭᠤᠮ ᠢ ᠪᠠᠲᠤᠯᠠᠵᠤ ᠦᠨᠡᠨᠴᠢ ᠢᠲᠡᠭᠡᠮᠵᠢ ᠶᠢᠨ ︽ᠡᠴᠦᠰ ᠤᠨ ᠰᠡᠷᠭᠡᠶᠢᠯᠡᠯᠲᠡ ᠶᠢᠨ ᠱᠤᠭᠤᠮ︾ ᠢ ᠰᠠᠶᠢᠲᠤᠷ ᠰᠠᠬᠢᠶ᠎ᠠ
ᠨᠡᠶᠢᠲᠡᠯᠡᠭᠰᠡᠨ ᠴᠠᠭ᠄
2024/2/28
- ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠭᠡ ᠪᠠᠷ ᠬᠡᠷᠡᠭᠵᠢᠭᠦᠯᠬᠦ ᠲᠤᠬᠠᠢ ᠰᠢᠷᠢᠰ ᠥᠭᠦᠯᠡᠮᠵᠢ  ⑤        ᠦᠨᠡᠨᠴᠢ ᠢᠲᠡᠭᠡᠮᠵᠢ ᠨᠢ ᠡᠷᠬᠢᠮ ᠳᠡᠭᠡᠳᠦ ᠶᠣᠰᠣ ᠮᠣᠷᠠᠯ ᠢ ᠤᠷᠠᠶᠢᠯᠠᠨ ᠳᠠᠭᠤᠳᠠᠬᠤ ᠪᠥᠭᠡᠳ ᠨᠡᠩ ᠴᠤ ᠬᠠᠤᠯᠢ ᠴᠠᠭᠠᠵᠠ ᠪᠠᠷ ︽ᠡᠴᠦᠰ ᠤᠨ ᠰᠡᠷᠭᠡᠶᠢᠯᠡᠯᠲᠡ ᠶᠢᠨ ᠱᠤᠭᠤᠮ︾ ᠢ  ᠰᠠᠶᠢᠲᠤᠷ ᠰᠠᠬᠢᠭᠤᠯᠬᠤ ᠶᠢ ᠱᠠᠭᠠᠷᠳᠠᠨ᠎ᠠ᠃ ᠪᠦᠭᠦ ᠣᠷᠣᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠢᠴᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠤᠷᠠᠯ ᠠᠴᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠳᠤ ᠪᠣᠳᠠᠲᠠᠢ ᠪᠠᠶᠢᠷᠢᠯᠠᠭᠤᠯᠤᠯᠲᠠ ᠬᠢᠵᠦ᠂ ᠬᠤᠷᠢᠭ᠎ᠠ ᠱᠤᠭᠤᠮ ᠢ ᠰᠠᠬᠢᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠬᠠᠤᠯᠢ ᠴᠠᠭᠠᠵᠠ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠪᠠᠷ ᠳᠠᠮᠵᠢᠨ ᠦᠨᠡᠨᠴᠢ ᠢᠲᠡᠭᠡᠮᠵᠢ ᠶᠢᠨ ︽ᠡᠴᠦᠰ ᠤᠨ ᠰᠡᠷᠭᠡᠶᠢᠯᠡᠯᠲᠡ ᠶᠢᠨ ᠱᠤᠭᠤᠮ︾ ᠢ ᠰᠠᠶᠢᠲᠤᠷ ᠰᠠᠬᠢᠬᠤ ᠬᠡᠷᠡᠭᠲᠡᠢ ᠭᠡᠵᠦ ᠲᠣᠳᠣᠷᠬᠠᠢ ᠳᠤᠷᠠᠳᠪᠠ᠃      ︽ᠰᠠᠶᠢᠨ ᠢ ᠨᠢ ᠱᠠᠩᠨᠠᠨ ᠵᠣᠷᠢᠭᠵᠢᠭᠤᠯᠵᠤ᠂ ᠮᠠᠭᠤ ᠶᠢ ᠨᠢ ᠲᠣᠷᠭᠠᠨ ᠰᠢᠢᠳᠬᠡᠨ᠎ᠡ︾᠃ ᠢᠲᠡᠭᠡᠮᠵᠢ ᠠᠯᠳᠠᠭᠰᠠᠳ ᠢ ᠵᠣᠬᠢᠬᠤ ᠦᠷᠡᠭᠳᠡᠯ ᠭᠠᠷᠭᠠᠭᠤᠯᠵᠤ᠂ ᠦᠨᠡᠨᠴᠢ ᠢᠲᠡᠭᠡᠮᠵᠢ ᠲᠠᠢ ᠬᠥᠮᠥᠰ ᠢ ᠤᠷᠮᠠᠰᠢᠭᠤᠯᠤᠨ ᠵᠣᠷᠢᠭᠵᠢᠭᠤᠯᠬᠤ ᠳᠤ ᠪᠠᠰᠠ ᠬᠠᠤᠯᠢ ᠴᠠᠭᠠᠵᠠ ᠶᠢᠨ ᠬᠦᠴᠦᠨ ᠢ ᠬᠡᠷᠡᠭᠯᠡᠵᠦ᠂ ᠦᠨᠡᠨᠴᠢ ᠢᠲᠡᠭᠡᠮᠵᠢ ᠶᠢᠨ ᠭᠡᠷᠡᠯ ᠭᠢᠯᠪᠠᠭ᠎ᠠ ᠪᠠᠷ ᠨᠡᠶᠢᠭᠡᠮ ᠤᠨ ᠥᠨᠴᠥᠭ ᠪᠤᠯᠤᠩ ᠪᠦᠭᠦᠨ ᠢ ᠭᠡᠷᠡᠯᠳᠦᠭᠦᠯᠭᠦ ᠴᠢᠬᠤᠯᠠᠲᠠᠢ᠃ ᠦᠨᠡᠨᠴᠢ ᠢᠲᠡᠭᠡᠮᠵᠢ ᠲᠠᠢ ᠬᠤᠯᠪᠣᠭᠳᠠᠭᠰᠠᠨ ᠬᠡᠷᠡᠭ ᠢ ᠭᠤᠣᠯᠴᠢ ᠪᠠᠷ ᠲᠠᠰᠤᠯᠤᠨ ᠲᠣᠭᠲᠠᠭᠠᠵᠤ᠂ ᠲᠠᠰᠤᠯᠤᠨ ᠲᠣᠭᠲᠠᠭᠠᠭᠰᠠᠨ ᠢ ᠭᠦᠢᠴᠡᠳᠬᠡᠬᠦ ᠨᠤᠷᠮ᠎ᠠ ᠶᠢ ᠦᠨᠡᠨ ᠬᠦ ᠳᠡᠭᠡᠭᠰᠢᠯᠡᠭᠦᠯᠭᠦ ᠬᠡᠷᠡᠭᠲᠡᠢ᠃ ᠬᠤᠳᠠᠯ ᠬᠠᠭᠤᠷᠮᠠᠭ ᠵᠠᠷᠭᠤ ᠳᠤ ᠬᠢᠨᠠᠯᠲᠠ ᠲᠠᠯᠪᠢᠬᠤ ᠪᠠ ᠲᠡᠭᠦᠨ ᠳᠤ ᠴᠣᠬᠢᠯᠲᠠ ᠥᠭᠬᠦ ᠡᠷᠴᠢᠮ ᠢᠶᠠᠨ ᠬᠠᠤᠯᠢ ᠶᠣᠰᠣᠭᠠᠷ ᠴᠢᠩᠭᠠᠷᠠᠭᠤᠯᠵᠤ᠂ ᠵᠠᠷᠭᠤ ᠶᠢᠨ ᠣᠷᠴᠢᠨ ᠨᠥᠬᠦᠴᠡᠯ ᠢ ᠴᠡᠪᠡᠷᠰᠢᠭᠦᠯᠦᠨ᠂ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠬᠤ ᠬᠡᠷᠡᠭᠲᠡᠢ᠃      ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢ ᠡᠯ᠎ᠡ ᠲᠠᠯ᠎ᠠ ᠳᠤ ᠬᠤᠯᠪᠣᠭᠳᠠᠵᠤ ᠪᠠᠶᠢᠳᠠᠭ ᠪᠣᠯᠬᠤᠷ ᠡᠷᠬᠡᠪᠰᠢ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠪᠣᠯᠭᠠᠨ ᠢ ᠴᠥᠮ ᠠᠳᠬᠤᠬᠤ ᠬᠥᠮᠥᠨ ᠲᠠᠢ ᠬᠠᠮᠢᠶᠠᠷᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠭᠤᠭᠴᠤᠭ᠎ᠠ ᠪᠦᠷᠢ ᠳᠤ ᠴᠥᠮ ᠦᠷ᠎ᠡ ᠳ᠋ᠦᠩ ᠲᠠᠢ ᠬᠠᠷᠢᠭᠤ ᠲᠤᠰᠬᠠᠯ ᠲᠠᠢ ᠪᠠᠶᠢᠬᠤ ᠶᠢ ᠦᠨᠡᠨ ᠬᠦ ᠪᠠᠲᠤᠯᠠᠵᠤ᠂ ᠨᠠᠷᠢᠨ ᠳᠠᠩᠰᠠ ᠪᠣᠯᠭᠠᠨ ᠢ ᠴᠥᠮ ᠡᠷᠲᠡ ᠳᠠᠩᠰᠠ ᠪᠠᠨ ᠲᠤᠰᠢᠶᠠᠵᠤ ᠡᠷᠲᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠦᠷᠦᠭᠦᠯᠡᠨ ᠬᠠᠤᠯᠢ ᠶᠢ ᠬᠦᠨᠳᠦᠳᠬᠡᠨ ᠢᠲᠡᠭᠡᠮᠵᠢ ᠶᠢ ᠰᠠᠬᠢᠵᠤ᠂ ᠦᠨᠡᠨᠴᠢ ᠢᠲᠡᠭᠡᠮᠵᠢ ᠶᠢᠨ ᠦᠵᠡᠯᠲᠡ᠂ ᠬᠠᠤᠯᠢᠵᠢᠯ ᠤᠨ ᠵᠣᠷᠢᠭ ᠰᠠᠨᠠᠭ᠎ᠠ ᠶᠢ ᠡᠯ᠎ᠡ ᠲᠠᠯ᠎ᠠ ᠶᠢᠨ ᠠᠵᠢᠯ ᠳᠤ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠤᠬᠠᠭᠤᠯᠤᠭᠴᠢ᠂ ᠦᠢᠯᠡᠳᠦᠯᠭᠡᠵᠢᠭᠦᠯᠦᠭᠴᠢ᠂ ᠠᠬᠢᠭᠤᠯᠤᠭᠴᠢ ᠪᠤᠯᠬᠤ ᠬᠡᠷᠡᠭᠲᠡᠢ᠃ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠠᠤᠯᠢ ᠶᠣᠰᠣᠭᠠᠷ ᠬᠡᠷᠡᠭ ᠢ ᠰᠢᠢᠳᠪᠦᠷᠢᠯᠡᠬᠦ ᠶᠢ ᠪᠦᠭᠦ ᠬᠦᠴᠦᠨ ᠢᠶᠠᠷ ᠢᠶᠠᠨ ᠳᠡᠮᠵᠢᠵᠦ᠂ ᠬᠠᠷᠢᠶ᠎ᠠ ᠰᠠᠯᠠᠭ᠎ᠠ ᠮᠥᠴᠢᠷ ᠨᠢᠭᠡᠴᠢ ᠶᠢᠨ ᠬᠠᠤᠯᠢ ᠴᠠᠭᠠᠵᠠ ᠶᠢᠨ ᠰᠢᠭᠦᠨ ᠲᠠᠰᠤᠯᠤᠯᠲᠠ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠮᠠᠭᠤ ᠮᠠᠭᠤᠬᠠᠢ ᠲᠠᠯ᠎ᠠ ᠪᠠᠨ ᠶᠠᠭᠠᠬᠢᠭᠰᠠᠨ ᠴᠤ ᠨᠢᠭᠤᠵᠤ ᠳᠠᠯᠳᠠᠯᠠᠬᠤ ᠦᠭᠡᠢ ᠪᠠᠶᠢᠵᠤ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠪᠠᠷ ᠨᠡᠶᠢᠭᠡᠮ ᠤᠨ ᠦᠨᠡᠨᠴᠢ ᠢᠲᠡᠭᠡᠮᠵᠢ ᠶᠢ ᠬᠥᠲᠥᠯᠥᠨ ᠳᠠᠭᠠᠭᠤᠯᠬᠤ ᠬᠡᠷᠡᠭᠲᠡᠢ᠃      ᠬᠠᠤᠯᠢ ᠴᠠᠭᠠᠵᠠ ᠳᠡᠯᠡᠬᠡᠢ ᠳ᠋ᠠᠬᠢᠨ ᠢ ᠲᠦᠪᠰᠢᠷᠡᠭᠦᠯᠵᠦ᠂ ᠶᠣᠰᠣ ᠰᠤᠷᠲᠠᠬᠤᠨ ᠬᠥᠮᠥᠨ ᠤ ᠰᠡᠳᠬᠢᠯ ᠢ ᠤᠮᠳᠠᠯᠠᠨ᠎ᠠ᠃ ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠰᠦᠷ ᠬᠦᠴᠦᠨ ᠢ ᠪᠠᠳᠠᠷᠠᠭᠤᠯᠪᠠᠯ ᠰᠠᠶ᠋ᠢ ᠣᠷᠣᠨ ᠳᠠᠶᠠᠭᠠᠷ ᠢᠶᠠᠨ ᠰᠡᠳᠬᠢᠯ ᠳᠣᠲᠣᠷ᠎ᠠ ᠪᠠᠨ ᠪᠢᠰᠢᠷᠡᠨ ᠵᠢᠷᠦᠬᠡᠰᠢᠶᠡᠵᠦ᠂ ᠠᠵᠢᠯᠯᠠᠭ᠎ᠠ ᠳᠡᠭᠡᠷ᠎ᠡ ᠪᠠᠨ ᠬᠤᠷᠢᠭ᠎ᠠ ᠴᠡᠭᠡᠷ ᠲᠠᠢ ᠪᠣᠯᠵᠤ᠂︽ᠢᠲᠡᠭᠡᠮᠵᠢ ᠲᠠᠢ ᠪᠠᠶᠢᠬᠤ ᠨᠢ ᠢᠷᠠᠭᠤ ᠠᠯᠳᠠᠷ ᠲᠠᠢ᠂ ᠢᠲᠡᠭᠡᠮᠵᠢ ᠠᠯᠳᠠᠬᠤ ᠨᠢ ᠢᠴᠢᠭᠦᠷᠢ ᠭᠤᠲᠤᠮᠰᠢᠭ ᠲᠠᠢ︾ᠪᠠᠶᠢᠬᠤ ᠨᠢ ᠨᠡᠩ ᠤᠯᠠᠨ ᠬᠥᠮᠥᠨ ᠤ ᠦᠢᠯᠡ ᠠᠵᠢᠯᠯᠠᠭᠠᠨ ᠤ ᠤᠬᠠᠮᠰᠠᠷ ᠪᠣᠯᠵᠤ᠂ ᠢᠲᠡᠭᠡᠮᠵᠢ ᠶᠢ ᠣᠶᠢᠯᠠᠭᠠᠬᠤ᠂ ᠢᠲᠡᠭᠡᠮᠵᠢ ᠶᠢ ᠴᠢᠬᠤᠯᠠᠴᠢᠯᠠᠬᠤ᠂ ᠢᠲᠡᠭᠡᠮᠵᠢᠲᠡᠢ ᠪᠠᠶᠢᠬᠤ ᠶᠢ ᠥᠪᠥᠷ ᠮᠣᠩᠭᠤᠯ ᠤᠨ ᠭᠡᠷᠡᠯ ᠰᠠᠴᠤᠷᠠᠩᠭᠤᠢ ᠨᠡᠷ᠎ᠡ ᠶᠢᠨ ᠬᠠᠭᠤᠳᠠᠰᠤ ᠪᠤᠯᠭᠠᠵᠤ ᠴᠢᠳᠠᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号