ᠪᠠᠶᠢᠭᠠᠯᠢ ᠠᠴᠠ ᠢᠷᠡᠯᠲᠡ ᠲᠠᠢ ᠴᠸ ᠪᠠᠶᠢᠭᠠᠯᠢ ᠠᠴᠠ ᠳᠠᠪᠠᠮᠠᠭᠠᠢ
ᠨᠡᠶᠢᠲᠡᠯᠡᠭᠰᠡᠨ ᠴᠠᠭ᠄
2024/2/28
     ᠬᠤᠰᠤ ᠮᠣᠳᠣᠨ ᠤ ᠬᠠᠯᠢᠰᠤ ᠨᠢ ᠶᠡᠭᠡ ᠪᠠᠶᠢᠭᠠᠯᠢ ᠠᠴᠠ ᠰᠣᠶᠣᠷᠬᠠᠭᠰᠠᠨ ᠪᠡᠯᠡᠭ ᠪᠣᠯᠬᠤᠷ ᠮᠠᠰᠢ ᠤᠯᠠᠨ ᠭᠠᠶᠢᠬᠠᠮᠰᠢᠭᠲᠤ ᠦᠢᠯᠡᠳᠦᠯ ᠲᠠᠢ ᠶᠤᠮ᠃ ᠵᠢᠱᠢᠶᠡᠯᠡᠪᠡᠯ᠂ ᠤᠯᠠᠮᠵᠢᠯᠠᠯᠲᠤ ᠬᠤᠰᠤ ᠮᠣᠳᠣᠨ ᠤ ᠬᠠᠯᠢᠰᠤ ᠪᠠᠷ ᠪᠢᠷ ᠤᠨ ᠰᠠᠪᠠ᠂ ᠠᠪᠳᠠᠷ᠎ᠠ᠂ ᠪᠣᠭᠴᠣ ᠵᠡᠷᠭᠡ ᠶᠢ ᠤᠷᠠᠯᠠᠨ ᠬᠢᠳᠡᠭ᠃ ᠦᠢᠰᠦᠨ ᠵᠢᠷᠤᠭ ᠪᠣᠯ ᠳᠡᠭᠡᠳᠦ ᠳᠠᠪᠬᠤᠷᠭ᠎ᠠ ᠶᠢᠨ  ᠤᠷᠠᠯᠢᠭ ᠤᠨ ᠪᠦᠲᠦᠭᠡᠯ ᠮᠥᠨ᠃      ᠬᠤᠰᠤ ᠮᠣᠳᠣᠨ ᠤ ᠬᠠᠯᠢᠰᠤ ᠪᠠᠷ ᠴᠠᠭᠠᠰᠤ ᠪᠣᠯᠭᠠᠨ᠂ ᠪᠤᠰᠤᠳ ᠲᠦᠭᠦᠬᠡᠢ ᠮᠠᠲ᠋ᠧᠷᠢᠶᠠᠯ ᠬᠠᠪᠰᠤᠷᠭᠠᠵᠤ᠂ ᠪᠣᠷᠣ ᠲᠥᠯᠥᠪ ᠢ ᠵᠢᠷᠤᠬᠤ᠂ ᠵᠢᠷᠤᠭ ᠳᠦᠷᠰᠦ ᠶᠢ ᠤᠬᠤᠵᠤ ᠰᠡᠶᠢᠯᠬᠦ᠂ ᠨᠠᠭᠠᠬᠤ ᠵᠡᠷᠭᠡ ᠣᠯᠠᠨ ᠵᠦᠢᠯ ᠤᠨ ᠠᠵᠢᠯ ᠤᠨ ᠳᠠᠷᠠᠭᠠᠯᠠᠯ ᠢᠶᠠᠷ ᠬᠥᠮᠥᠨ᠂ ᠴᠡᠴᠡᠭ ᠰᠢᠪᠠᠭᠤ ᠮᠡᠲᠦ ᠶᠢᠨ ᠨᠠᠷᠢᠯᠢᠭ ᠰᠠᠶᠢᠬᠠᠨ ᠳᠦᠷᠰᠦ ᠪᠦᠲᠦᠭᠡᠯᠲᠡ ᠶᠢ ᠬᠢᠵᠦ ᠪᠦᠲᠦᠭᠡᠳᠡᠭ᠂ ᠢᠯᠠᠩᠭᠤᠶ᠎ᠠ ᠡᠨᠡ ᠬᠦ ᠤᠷᠠᠯᠠᠯ ᠨᠢ ᠵᠢᠩ ᠲᠠᠢ ᠯᠠᠨ ᠤ ᠮᠢᠨᠳᠠᠰᠤ ᠴᠢᠮᠬᠢᠬᠦ ᠤᠷᠠᠯᠠᠯ ᠲᠠᠢ ᠤᠶᠠᠯᠳᠤᠭᠤᠯᠵᠤ᠂ ᠦᠢᠰᠦᠨ ᠵᠢᠷᠤᠭ ᠮᠡᠲᠦ ᠶᠢᠨ ᠪᠣᠳᠠᠰ ᠤᠨ ᠪᠤᠰᠤ ᠰᠣᠶᠣᠯ ᠤᠨ ᠥᠪ ᠤᠨ ᠢᠯᠡᠷᠡᠭᠦᠯᠦᠯ ᠤᠨ ᠭᠡᠯᠪᠡᠷᠢ ᠶᠢ ᠨᠡᠩ ᠴᠤ ᠰᠢᠨ᠎ᠡ ᠪᠠᠷ ᠡᠭᠦᠳᠦᠭᠰᠡᠨ ᠪᠠᠶᠢᠨ᠎ᠠ᠃      ᠤᠳᠬ᠎ᠠ ᠵᠣᠬᠢᠶᠠᠯ ᠠᠮᠢᠳᠤᠷᠠᠯ ᠠᠴᠠ ᠢᠷᠡᠯᠲᠡ ᠲᠠᠢ ᠴᠸ ᠠᠮᠢᠳᠤᠷᠠᠯ ᠠᠴᠠ  ᠳᠠᠪᠠᠮᠠᠭᠠᠢ ᠪᠠᠶᠢᠳᠠᠭ᠂ ᠦᠢᠰᠦᠨ ᠵᠢᠷᠤᠭ ᠨᠢ ᠪᠠᠶᠢᠭᠠᠯᠢ ᠠᠴᠠ ᠢᠷᠡᠯᠲᠡ ᠲᠠᠢ ᠴᠸ  ᠪᠠᠶᠢᠭᠠᠯᠢ ᠠᠴᠠ ᠳᠠᠪᠠᠮᠠᠭᠠᠢ ᠪᠠᠶᠢᠬᠤ ᠶᠣᠰᠣᠲᠠᠢ ᠭᠡᠵᠦ ᠬᠥᠮᠥᠰ  ᠦᠷᠭᠦᠯᠵᠢ ᠬᠡᠯᠡᠳᠡᠭ᠃      ᠶᠡᠭᠡ ᠬᠢᠩᠭᠠᠨ ᠳᠠᠪᠠᠭ᠎ᠠ ᠳᠤ ᠬᠤᠰᠤ ᠮᠣᠳᠣᠨ ᠤ ᠡᠬᠢ ᠪᠠᠶᠠᠯᠢᠭ ᠡᠯᠪᠡᠭ ᠪᠠᠶᠠᠯᠢᠭ ᠪᠠᠶᠢᠵᠤ᠂ ᠰᠢᠭᠤᠶᠢᠲᠤ ᠣᠷᠣᠨ ᠤ ᠠᠷᠠᠳ ᠲᠦᠮᠡᠨ ᠬᠤᠰᠤ ᠮᠣᠳᠣᠨ ᠤ ᠬᠠᠯᠢᠰᠤ ᠶᠢ ᠵᠦᠢ ᠵᠣᠬᠢᠰᠲᠠᠢ ᠪᠠᠷ ᠠᠰᠢᠭᠯᠠᠨ ᠠᠮᠢᠳᠤᠷᠠᠯ ᠤᠨ ᠬᠡᠷᠡᠭᠰᠡᠯ᠂ ᠤᠷᠠᠯᠢᠭ ᠤᠨ ᠪᠦᠲᠦᠭᠡᠯ ᠪᠤᠯᠭᠠᠵᠤ ᠤᠷᠠᠯᠠᠨ ᠬᠢᠭᠰᠡᠨ  ᠥᠨᠢ ᠤᠳᠠᠭᠠᠨ ᠲᠡᠦᠬᠡ ᠲᠠᠢ ᠪᠠᠶᠢᠵᠠᠢ᠂ ᠡᠨᠡ ᠨᠢ ᠳᠠᠷᠤᠢ ᠦᠢᠰᠦᠨ ᠵᠢᠷᠤᠭ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠬᠤ ᠳᠤ ᠲᠤᠲᠠᠭᠳᠠᠵᠤ ᠪᠣᠯᠣᠰᠢ ᠦᠭᠡᠢ ᠳᠠᠪᠠᠭᠤᠯᠢᠭ ᠲᠠᠯ᠎ᠠ ᠪᠣᠯᠣᠨ᠎ᠠ᠃ ᠡᠨᠡ ᠬᠦ ᠬᠤᠪᠣᠷ ᠨᠠᠨᠳᠢᠨ ᠤᠷᠠᠯᠢᠭ ᠤᠨ ᠪᠦᠲᠦᠭᠡᠭᠳᠡᠬᠦᠨ ᠨᠢ ᠰᠢᠭᠤᠶᠢᠲᠤ ᠣᠷᠣᠨ ᠠᠴᠠ ᠶᠡᠭᠡ ᠬᠤᠳᠠ ᠳᠤ ᠣᠷᠣᠵᠤ᠂ ᠳᠡᠯᠡᠬᠡᠢ ᠶᠢ ᠴᠢᠭᠯᠡᠨ᠂ ᠤᠷᠠᠯᠢᠭ ᠤᠨ ᠦᠨ᠎ᠡ ᠦᠷᠳᠡᠭ ᠪᠣᠯᠣᠨ ᠠᠵᠤ ᠠᠬᠤᠢ ᠶᠢᠨ ᠦᠨ᠎ᠡ ᠦᠷᠳᠡᠭ ᠢ ᠢᠯᠡᠷᠡᠭᠦᠯᠵᠦ᠂  ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠢ ᠪᠤᠢ ᠪᠣᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠠᠵᠤ ᠠᠬᠤᠢ ᠶᠢ ᠬᠥᠭᠵᠢᠭᠦᠯᠬᠦ ᠳᠤ ᠴᠥᠮ ᠢᠳᠡᠪᠬᠢᠲᠡᠢ ᠦᠢᠯᠡᠳᠦᠯ ᠦᠵᠡᠭᠦᠯᠭᠦ ᠪᠣᠯᠣᠨ᠎ᠠ᠃      ᠵᠢᠵᠢᠭ ᠮᠣᠳᠣᠨ ᠤ  ᠬᠠᠯᠢᠰᠤ᠂ ᠶᠡᠭᠡ ᠦᠢᠯᠡᠰ ᠢ ᠪᠦᠲᠦᠭᠡᠨ᠎ᠡ᠃ ᠦᠢᠰᠦᠨ ᠵᠢᠷᠤᠭ ᠪᠣᠳᠠᠰ ᠤᠨ ᠪᠤᠰᠤ ᠰᠣᠶᠣᠯ ᠤᠨ ᠥᠪ ᠪᠣᠯᠤᠭᠰᠠᠨ ᠤ ᠬᠤᠪᠢ ᠳᠤ᠂ ᠲᠡᠭᠦᠨ ᠢ ᠰᠠᠶᠢᠲᠤᠷ ᠤᠯᠠᠮᠵᠢᠯᠠᠨ ᠪᠠᠳᠠᠷᠠᠭᠤᠯᠬᠤ ᠭᠡᠪᠡᠯ᠂ ᠡᠩ ᠲᠡᠷᠢᠭᠦᠨ ᠳᠤ ᠤᠯᠠᠮᠵᠢᠯᠠᠭᠴᠢ ᠨᠠᠷ ᠤᠨ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠶᠢᠨ ᠳᠠᠭᠠᠤ  ᠰᠢᠨ᠎ᠡ ᠶᠢ ᠡᠭᠦᠳᠬᠦ ᠠᠵᠢᠯ ᠢ ᠳᠡᠮᠵᠢᠬᠦ ᠮᠥᠷᠲᠡᠭᠡᠨ᠂ ᠢᠳᠡᠪᠬᠢᠲᠡᠢ ᠪᠠᠷ ᠨᠥᠬᠦᠴᠡᠯ ᠢ ᠨᠢ ᠪᠦᠷᠢᠯᠳᠦᠭᠦᠯᠵᠦ ᠥᠭᠬᠦ ᠬᠡᠷᠡᠭᠲᠡᠢ᠂ ᠵᠢᠱᠢᠶᠡᠯᠡᠪᠡᠯ᠂ ᠤᠷᠠᠯᠠᠨ ᠦᠢᠯᠡᠳᠬᠦ ᠤᠷ᠎ᠠ ᠮᠡᠷᠭᠡᠵᠢᠯ ᠢ ᠳᠡᠭᠡᠭᠰᠢᠯᠡᠭᠦᠯᠭᠦ᠂ ᠭᠠᠷ ᠤᠷᠠᠯᠠᠯ ᠤᠨ ᠲᠥᠬᠦᠭᠡᠷᠦᠮᠵᠢ ᠶᠢ ᠰᠠᠶᠢᠵᠢᠷᠠᠭᠤᠯᠬᠤ᠂ ᠪᠦᠲᠦᠭᠡᠭᠳᠡᠬᠦᠨ ᠢᠶᠠᠨ ᠪᠤᠯᠪᠠᠰᠤᠷᠠᠭᠤᠯᠬᠤ ᠭᠠᠵᠠᠷ ᠢ ᠥᠷᠭᠡᠳᠬᠡᠬᠦ᠂ ᠰᠣᠶᠣᠯ ᠢ ᠤᠬᠠᠭᠤᠯᠬᠤ ᠪᠠ ᠲᠠᠨᠢᠯᠴᠠᠭᠤᠯᠬᠤ ᠵᠡᠷᠭᠡ ᠲᠠᠯ᠎ᠠ ᠪᠠᠷ ᠳᠡᠮᠵᠢᠯᠭᠡ ᠦᠵᠡᠭᠦᠯᠵᠦ᠂ ᠥᠪ ᠬᠥᠷᠥᠩᠭᠡ ᠶᠢᠨ ᠪᠤᠰᠤ ᠪᠦᠲᠦᠭᠡᠭᠳᠡᠬᠦᠨ ᠤ ᠴᠢᠨᠠᠷ ᠴᠢᠨᠰᠠᠭ᠎ᠠ  ᠪᠠ ᠨᠡᠷ᠎ᠡ ᠠᠯᠳᠠᠷᠰᠢᠯ ᠢ ᠳᠡᠭᠡᠭᠰᠢᠯᠡᠭᠦᠯᠭᠦ ᠭᠡᠷᠡᠭᠲᠡᠶ; ᠳᠠᠷᠠᠭ᠎ᠠ ᠳᠤᠨᠢ᠂ ᠭᠠᠳᠠᠭᠰᠢ ᠭᠠᠷᠴᠤ ᠰᠤᠷᠤᠯᠴᠠᠬᠤ᠂ ᠲᠤᠰᠬᠠᠢ ᠮᠡᠷᠭᠡᠵᠢᠯᠲᠡᠨ ᠤᠷᠢᠵᠤ ᠠᠪᠴᠢᠷᠠᠬᠤ ᠠᠷᠭ᠎ᠠ ᠪᠠᠷ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠵᠣᠬᠢᠶᠠᠨ ᠪᠠᠶᠢᠭᠤᠯᠤᠨ ᠭᠠᠳᠠᠭᠰᠢ ᠰᠤᠷᠤᠯᠴᠠᠭᠤᠯᠵᠤ᠂ ᠲᠡᠳᠡᠨ ᠤ ᠬᠠᠷᠠᠭ᠎ᠠ ᠶᠢ ᠨᠢ ᠥᠷᠭᠡᠳᠬᠡᠵᠦ᠂ ᠤᠯᠠᠨ ᠤ ᠰᠠᠶᠢᠨ ᠲᠠᠢ ᠲᠠᠯ᠎ᠠ ᠶᠢ ᠨᠢ ᠥᠷᠭᠡᠨ ᠢᠶᠠᠷ ᠰᠢᠩᠭᠡᠬᠡᠨ ᠠᠪᠬᠤ ᠪᠤᠶᠤ ᠬᠠᠮᠢᠶ᠎ᠠ ᠪᠦᠬᠦᠢ ᠭᠠᠷ ᠤᠷᠠᠯᠠᠯ ᠤᠨ ᠶᠡᠭᠡ ᠪᠠᠭᠰᠢ ᠶᠢ ᠤᠷᠢᠵᠤ ᠲᠤᠬᠠᠢ ᠶᠢᠨ ᠭᠠᠵᠠᠷ ᠲᠤ ᠬᠢᠴᠢᠶᠡᠯ ᠣᠷᠣᠭᠤᠯᠵᠤ᠂ ᠲᠡᠳᠡᠨ ᠠᠴᠠ ᠡᠷᠳᠡᠨᠢ ᠡᠪᠦᠷᠯᠡᠵᠦ᠂ ᠵᠢᠩᠬᠢᠨᠢ ᠡᠷᠳᠡᠮ ᠢ ᠨᠢ ᠰᠤᠷᠬᠤ ᠭᠡᠷᠡᠭᠳᠡᠢ ;  ᠭᠤᠷᠪᠠᠳᠤᠭᠠᠷ ᠲᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠴᠤ ᠴᠠᠭ ᠦᠶ᠎ᠡ ᠶᠢ ᠲᠠᠭᠠᠨ ᠪᠦᠭᠦ ᠲᠠᠯ᠎ᠠ ᠪᠠᠷ ᠤᠷᠤᠭᠰᠢᠯᠠᠵᠤ᠂ ᠤᠳᠤ ᠦᠶ᠎ᠡ ᠶᠢᠨ ᠰᠦᠯᠵᠢᠶᠡᠨ ᠤ ᠮᠡᠷᠭᠡᠵᠢᠯ ᠢ ᠭᠦᠢᠴᠡᠳ ᠠᠰᠢᠭᠯᠠᠨ ᠦᠢᠰᠦᠨ ᠵᠢᠷᠤᠭ ᠤᠷᠠᠯᠠᠨ ᠬᠢᠬᠦ ᠤᠷ᠎ᠠ ᠮᠡᠷᠭᠡᠵᠢᠯ ᠢ ᠳᠡᠭᠡᠭᠰᠢᠯᠡᠭᠦᠯᠵᠦ᠂ ᠵᠢᠷᠭᠢᠶ᠎ᠡ᠂ ᠪᠦᠷᠭᠡ᠂ ᠣᠬᠤᠷ ᠸᠢᠳᠢᠤ᠋ ᠵᠡᠷᠭᠡ ᠲᠠᠪᠴᠠᠩ ᠢ ᠠᠰᠢᠭᠯᠠᠨ ᠪᠦᠲᠦᠭᠡᠭᠳᠡᠬᠦᠨ ᠢᠶᠠᠨ ᠤᠬᠠᠭᠤᠯᠤᠨ ᠲᠠᠨᠢᠯᠴᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠣᠮᠣ ᠵᠠᠬ᠎ᠠ ᠳᠡᠯᠭᠡᠭᠦᠷ ᠢ ᠠᠰᠢᠭᠯᠠᠵᠤ᠂ ᠤᠯᠠᠨ ᠳᠤ ᠦᠢᠰᠦᠨ ᠵᠢᠷᠤᠭ ᠢ ᠣᠶᠢᠷ᠎ᠠ ᠵᠠᠢ ᠠᠴᠠ ᠲᠠᠨᠢᠭᠤᠯᠵᠤ᠂ ᠦᠢᠰᠦᠨ ᠵᠢᠷᠤᠭ ᠢ ᠪᠠᠭ᠋ᠠᠷᠬᠠᠵᠤ᠂ ᠰᠢᠭᠤᠶᠢᠲᠤ ᠣᠷᠣᠨ ᠳᠤ ᠨᠢᠭᠤᠭᠳᠠᠵᠤ ᠪᠠᠶᠢᠭ᠎ᠠ ᠤᠷᠠᠯᠢᠭ ᠤᠨ ᠬᠤᠪᠣᠷ ᠨᠠᠨᠳᠢᠨ ᠵᠦᠢᠯᠡᠰ ᠢ ᠭᠠᠳᠠᠭᠰᠢ ᠭᠠᠷᠭᠠᠬᠤ ᠬᠡᠷᠡᠭᠲᠡᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号