| | ᠮᠠᠨ ᠤ ᠤᠯᠤᠰ ᠤᠨ ᠬᠤᠸᠠ ᠸᠧᠢ ᠺᠤᠮᠫᠠᠨᠢ ᠶᠢᠨ ᠰᠤᠳᠤᠯᠤᠨ ᠨᠡᠭᠡᠭᠡᠭᠰᠡᠨ ᠪᠦᠭᠦ ᠳᠡᠯᠡᠬᠡᠢ ᠶᠢᠨ ᠠᠩᠬᠠᠳᠠᠭᠴᠢ | 5.5 G ᠶᠢᠨ ᠣᠶᠤᠨᠲᠤ ᠭᠤᠣᠯ ᠰᠦᠯᠵᠢᠶ᠎ᠡ ᠶᠢ ᠰᠢᠢᠳᠪᠦᠷᠢᠯᠡᠬᠦ ᠲᠥᠰᠥᠯ ᠢ ᠣᠶᠢᠷ᠎ᠠ ᠳᠤ ᠵᠢᠩᠬᠢᠨᠢ ᠪᠠᠷ | ᠨᠡᠶᠢᠲᠡᠯᠡᠪᠡ᠃ | | | 5.5 G ᠶᠢ ᠪᠠᠰᠠ 5G-A ᠭᠡᠳᠡᠭ᠂ ᠲᠡᠷᠡ ᠨᠢ 5G ᠪᠣᠯᠣᠨ 6G ᠶᠢᠨ ᠬᠤᠭᠤᠷᠣᠨᠳᠣᠭᠢ | ᠰᠢᠯᠵᠢᠯᠲᠡ ᠶᠢᠨ ᠱᠠᠲᠤᠨ ᠳᠠᠬᠢ ᠰᠢᠯᠵᠢᠮᠡᠯ ᠮᠡᠳᠡᠭᠡ ᠬᠤᠯᠪᠣᠭᠠᠨ ᠤ ᠮᠡᠷᠭᠡᠵᠢᠯ ᠪᠣᠯᠣᠨ᠎ᠠ᠃ 5G ᠲᠠᠢ ᠬᠠᠷᠢᠴᠠᠭᠤᠯᠪᠠᠯ᠂ | 5.5 G ᠨᠢ ᠬᠤᠯᠪᠣᠯᠲᠠ ᠶᠢᠨ ᠬᠤᠷᠳᠤᠴᠠ᠂ ᠴᠠᠭ ᠤᠨ ᠤᠷᠲᠤᠳᠬᠠᠯ᠂ ᠪᠠᠶᠢᠷᠢ ᠲᠣᠭᠲᠠᠭᠠᠯᠲᠠ᠂ ᠨᠠᠶᠢᠳᠠᠪᠤᠷᠢᠲᠤ | ᠴᠢᠨᠠᠷ ᠵᠡᠷᠭᠡ ᠲᠠᠯ᠎ᠠ ᠪᠠᠷ ᠠᠷᠪᠠᠨ ᠳᠠᠭᠢᠨ ᠣᠷᠴᠢᠮ ᠳᠡᠭᠡᠭᠰᠢᠯᠡᠵᠦ ᠳᠡᠶᠢᠯᠭᠦ ᠪᠥᠭᠡᠳ ᠪᠠᠰᠠ ᠮᠢᠯᠢᠰᠸᠺᠦ᠋ᠨ᠋ᠳ᠋ ᠲᠠᠰ ᠤᠨ | ᠴᠠᠭ ᠤᠨ ᠤᠷᠲᠤᠳᠬᠠᠯ ᠪᠠ ᠳᠣᠣᠷ᠎ᠠ ᠥᠪᠡᠷ ᠤᠨ ᠥᠷᠲᠡᠭ ᠪᠦᠬᠦᠢ ᠮᠢᠩᠭᠠᠨ ᠳ᠋ᠦᠩᠰᠢᠭᠤᠷ ᠲᠥᠭᠦᠷᠢᠭ ᠤᠨ | ᠪᠣᠳᠠᠰ ᠤᠨ ᠬᠤᠯᠪᠤᠭ᠎ᠠ ᠶᠢ ᠪᠡᠶᠡᠯᠡᠭᠦᠯᠬᠦ ᠪᠣᠯᠣᠮᠵᠢ ᠲᠠᠢ ᠶᠤᠮ᠃ | | | ᠣᠳᠣᠬᠠᠨ ᠳᠤ᠂ ᠡᠨᠡ ᠬᠦ ᠲᠥᠰᠥᠯ ᠨᠢ ᠨᠢᠭᠡᠨᠲᠡ 5.5 G ᠶᠢᠨ ᠪᠦᠭᠦ ᠴᠢᠳᠠᠮᠵᠢ ᠶᠢᠨ ᠰᠢᠯᠭᠠᠯᠲᠠ ᠵᠢᠴᠢ | ᠮᠡᠷᠭᠡᠵᠢᠯ ᠤᠨ ᠴᠢᠳᠠᠮᠵᠢ ᠶᠢᠨ ᠰᠢᠯᠭᠠᠯᠲᠠ ᠶᠢ ᠪᠡᠶᠡᠯᠡᠭᠦᠯᠦᠭᠰᠡᠨ ᠪᠠᠶᠢᠨ᠎ᠠ᠃ ᠡᠭᠦᠨ ᠳᠤ᠂ ᠤᠲᠠᠰᠤ ᠨᠡᠪᠲᠡᠷᠡᠯᠭᠡ ᠶᠢᠨ | ᠰᠢᠨ᠎ᠡ ᠮᠡᠷᠭᠡᠵᠢᠯ ᠨᠢ ᠬᠤᠸᠠ ᠸᠧᠢ ᠶᠢᠨ 5.5 G ᠶᠢᠨ ᠣᠶᠤᠨᠲᠤ ᠭᠤᠣᠯ ᠰᠦᠯᠵᠢᠶ᠎ᠡ ᠶᠢᠨ ᠴᠢᠬᠤᠯᠠ | ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ᠂ ᠮᠠᠨ ᠤ ᠤᠯᠤᠰ ᠤᠨ 31 ᠮᠤᠵᠢ ᠣᠷᠣᠨ ᠳᠤ ᠨᠢᠭᠡᠨᠲᠡ | ᠪᠠᠶᠢᠷᠢᠯᠠᠭᠤᠯᠵᠤ᠂ ᠵᠢᠱᠢᠯᠲᠡ ᠪᠠᠷ 5000 ᠲᠦᠮᠡᠨ ᠬᠡᠷᠡᠭᠯᠡᠭᠴᠢ ᠶᠢ ᠲᠤᠯᠭᠠᠭᠤᠷᠢᠯᠠᠵᠤ ᠳᠡᠶᠢᠯᠭᠦ ᠪᠣᠯᠣᠨ᠎ᠠ᠃ | ᠡᠭᠦᠨ ᠠᠴᠠ ᠭᠠᠳᠠᠨ᠎ᠠ᠂ ᠡᠨᠡ ᠬᠦ ᠮᠡᠷᠭᠡᠵᠢᠯ ᠢ ᠴᠦ ᠡᠸᠦ᠋ᠷᠦᠫᠡ ᠲᠢᠪ᠂ ᠯᠠᠲ᠋ᠢᠨ ᠠᠮᠧᠷᠢᠺᠠ ᠲᠢᠪ᠂ ᠳᠤᠮᠳᠠᠳᠤ | ᠳᠣᠷᠣᠨᠠᠲᠤ ᠪᠣᠯᠣᠨ ᠠᠽᠢᠶ᠎ᠠ ᠲᠢᠪ ᠨᠣᠮᠣᠬᠠᠨ ᠲᠡᠯᠡᠶ ᠶᠢᠨ ᠣᠷᠣᠨ ᠵᠡᠷᠭᠡ ᠣᠯᠠᠨ ᠭᠠᠵᠠᠷ ᠣᠷᠣᠨ ᠳᠤ ᠥᠷᠭᠡᠨ ᠢᠶᠠᠷ | ᠰᠢᠯᠭᠠᠨ ᠪᠠᠲᠤᠯᠠᠭᠰᠠᠨ ᠪᠥᠭᠡᠳ 2024 ᠣᠨ ᠳᠤ ᠵᠢᠩᠬᠢᠨᠢ ᠪᠠᠷ ᠬᠤᠳᠠᠯᠳᠤᠭᠠᠨ ᠳᠤ ᠬᠡᠷᠡᠭᠯᠡᠬᠦ ᠪᠠᠷ ᠲᠥᠯᠥᠪᠯᠡᠵᠦ | ᠪᠤᠶ᠃ | | | ᠡᠭᠦᠨ ᠠᠴᠠ ᠭᠠᠳᠠᠨ᠎ᠠ᠂ ᠬᠤᠸᠠ ᠸᠧᠢ ᠪᠠᠰᠠ ᠮᠡᠳᠡᠭᠡ ᠬᠤᠯᠪᠣᠭᠠᠨ ᠤ AI ᠲᠣᠮᠣ ᠵᠠᠭᠪᠤᠷ ᠢ ᠭᠠᠷᠭᠠᠵᠤ᠂ | ᠦᠭᠡ ᠬᠡᠯᠡᠨ ᠤ ᠰᠣᠯᠢᠯᠴᠠᠭᠠᠨ ᠤ ᠭᠡᠯᠪᠡᠷᠢ ᠪᠠᠷ ᠠᠳᠠᠯᠢ ᠪᠤᠰᠤ ᠳᠦᠷᠢ ᠳᠤ ᠬᠠᠨᠳᠤᠭᠤᠯᠤᠨ᠂ ᠣᠶᠤᠨᠴᠢ ᠦᠭᠡ | ᠬᠡᠯᠡᠨ ᠤ ᠰᠣᠯᠢᠯᠴᠠᠭᠠᠨ ᠤ ᠴᠢᠳᠠᠪᠤᠷᠢ ᠶᠢ ᠬᠠᠩᠭᠠᠵᠤ᠂ ᠠᠵᠢᠯᠲᠠᠨ ᠤ ᠮᠡᠳᠡᠯᠭᠡ ᠶᠢᠨ ᠬᠢᠷᠢ ᠲᠦᠪᠰᠢᠨ ᠪᠠ ᠠᠵᠢᠯ ᠤᠨ | ᠦᠷ᠎ᠡ ᠪᠦᠲᠦᠮᠵᠢ ᠶᠢ ᠳᠡᠭᠡᠭᠰᠢᠯᠡᠭᠦᠯᠭᠦ ᠪᠣᠯᠣᠨ᠎ᠠ᠃ ᠪᠠᠰᠠ ᠨᠠᠷᠢᠯᠢᠭ ᠣᠨᠣᠴᠠᠲᠠᠢ ᠰᠦᠯᠵᠢᠶᠡᠨ ᠤ ᠪᠠᠶᠢᠳᠠᠯ᠂ | ᠰᠠᠭᠠᠳ ᠤᠨ ᠰᠢᠯᠲᠠᠭᠠᠨ᠂ ᠰᠢᠢᠳᠪᠦᠷᠢᠯᠡᠬᠦ ᠰᠠᠨᠠᠭᠤᠯᠭ᠎ᠠ ᠵᠡᠷᠭᠡ ᠮᠡᠳᠡᠭᠡ ᠵᠠᠩᠭᠢ ᠶᠢ ᠬᠠᠩᠭᠠᠵᠤ᠂ ᠰᠠᠭᠠᠳ ᠢ | ᠰᠢᠢᠳᠪᠦᠷᠢᠯᠡᠬᠦ ᠴᠠᠭ ᠢ ᠬᠠᠪᠰᠤᠷᠤᠨ ᠪᠠᠭᠤᠷᠠᠭᠤᠯᠵᠤ᠂ ᠠᠵᠢᠯ ᠲᠥᠷᠥᠯ ᠤᠨ ᠳᠣᠲᠣᠭᠠᠳᠤ ᠳᠤ ᠢᠯᠡᠷᠡᠭᠰᠡᠨ | ︽ᠰᠦᠯᠵᠢᠶ᠎ᠡ ᠳᠠᠮᠫᠤᠷᠠᠬᠤ︾ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ ᠪᠣᠯᠣᠨ᠎ᠠ᠃ | | | ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡᠨ ᠤ ᠰᠢᠯᠵᠢᠶ᠎ᠡ |