| | ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠬᠦ ᠶᠢᠨ ᠬᠠᠮᠲᠤ ᠴᠢᠬᠤᠯᠠ | ᠱᠠᠭᠠᠷᠳᠠᠯᠭ᠎ᠠ ᠳᠤᠷᠠᠳᠴᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ | ᠤᠶᠠᠯᠳᠤᠭᠤᠯᠤᠨ ᠲᠤᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠵᠤ ᠤᠯᠤᠰ ᠲᠦᠷᠦ ᠶᠢᠨ ᠡᠭᠦᠷᠭᠡᠯᠡᠯ ᠢᠶᠠᠨ | ᠴᠢᠩᠭᠠᠳᠬᠠᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ | | | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 26 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ | ᠭᠡᠰᠢᠭᠦᠨ᠂ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ ᠲᠥᠪ ᠬᠤᠷᠢᠶ᠎ᠠ | ᠪᠣᠯᠣᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ᠃ | ᠣᠶᠢᠷ᠎ᠠ ᠶᠢᠨ ᠬᠤᠭᠤᠴᠠᠭᠠᠨ ᠳᠤ᠂ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ ᠨᠠᠮ ᠤᠨ ᠲᠥᠪ ᠬᠤᠷᠢᠶ᠎ᠠ ᠪᠣᠯᠣᠨ | ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠭᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃ | | | ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠭᠰᠡᠨ ᠪᠥᠭᠡᠳ ᠴᠢᠬᠤᠯᠠ | ᠱᠠᠭᠠᠷᠳᠠᠯᠭ᠎ᠠ ᠳᠤᠷᠠᠳᠴᠤ᠂ ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 | ᠵᠢᠯ ᠤᠨ ᠣᠶ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ | ᠤᠬᠠᠮᠰᠠᠷ ᠠᠴᠠ ᠪᠠᠨ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠦᠷᠦᠭᠦᠯᠡᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠠᠢ ᠨᠢᠭᠲᠠ | ᠤᠶᠠᠯᠳᠤᠭᠤᠯᠤᠨ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠡᠯ᠎ᠡ ᠵᠦᠢᠯ ᠤᠨ | ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ᠂ ᠤᠷᠤᠭᠰᠢᠯᠠᠨ ᠲᠠᠪᠰᠢᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ | ᠱᠠᠭᠠᠷᠳᠠᠯᠭ᠎ᠠ ᠶᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ | ᠪᠦᠭᠦ ᠲᠠᠯ᠎ᠠ ᠪᠠᠷ ᠲᠤᠭᠤᠰᠢᠯᠠᠭᠤᠯᠵᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠤᠯᠠᠮ ᠭᠦᠨᠵᠡᠭᠡᠶᠢᠷᠡᠭᠦᠯᠵᠦ᠂ ᠠᠵᠤ | ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠤᠶᠠᠨ | ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠠᠷᠠᠳ ᠲᠦᠮᠡᠨ ᠳᠤ ᠪᠤᠶᠠᠨ ᠦᠢᠯᠡᠳᠬᠦ ᠵᠠᠰᠠᠭ ᠤᠨ ᠠᠵᠢᠯ ᠤᠨ | ᠪᠦᠳᠦᠮᠵᠢ ᠶᠢᠨ ᠦᠵᠡᠯᠲᠡ ᠶᠢ ᠪᠠᠲᠤ ᠪᠤᠢ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢᠶᠠᠷ | ᠲᠦᠷᠦᠭᠦᠯᠡᠨ ᠰᠠᠶᠢᠲᠤᠷ ᠵᠠᠮᠨᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠠᠷᠬᠠᠭ ᠭᠡᠮ ᠢ ᠵᠠᠯᠠᠷᠠᠭᠤᠯᠤᠨ ᠵᠠᠰᠠᠵᠤ᠂ | ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠰᠤᠷᠲᠠᠯ ᠤᠨ ᠬᠤᠪᠢᠷᠠᠯᠲᠠ ᠪᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠲᠤᠯᠠᠵᠤ᠂ | ᠪᠡᠶ᠎ᠡ ᠪᠠᠨ ᠠᠷᠢᠭᠤᠨ ᠰᠢᠳᠤᠷᠭᠤ ᠠᠪᠴᠤ ᠶᠠᠪᠤᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠳᠡᠭᠡᠷ᠎ᠡ ᠬᠡᠪ ᠳᠠᠭᠤᠷᠢᠶᠠᠯ | ᠦᠵᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠢ᠃ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠠᠭᠠᠨ ᠰᠠᠭᠤᠷᠢᠯᠠᠨ᠂ ᠤᠯᠤᠰ ᠲᠦᠷᠦ ᠶᠢᠨ ᠡᠭᠦᠷᠭᠡᠯᠡᠯ ᠢᠶᠠᠨ | ᠴᠢᠩᠭᠠᠳᠬᠠᠵᠤ᠂ ᠭᠤᠣᠯᠳᠠᠯᠭ᠎ᠠ ᠪᠠᠨ ᠲᠣᠪᠤᠶᠢᠯᠭᠠᠨ᠂ ᠵᠠᠩᠭᠢᠯᠠᠭ᠎ᠠ ᠶᠢ ᠡᠵᠡᠮᠳᠡᠵᠦ᠂ ᠵᠣᠷᠢᠭᠲᠠᠢ ᠤᠷᠤᠭᠰᠢᠯᠠᠨ ᠳᠠᠪᠰᠢᠵᠤ᠂ ᠦᠨᠡᠨ | ᠬᠦ ᠠᠳᠬᠤᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠤᠯᠠᠮ ᠰᠡᠳᠬᠢᠯ ᠨᠢᠭᠡᠳᠦᠨ | ᠬᠦᠴᠦ ᠪᠠᠨ ᠬᠠᠮᠲᠤᠳᠬᠠᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | |