| | ᠵᠣᠴᠢᠨ᠄ ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ | ᠡᠷᠬᠢᠯᠡᠭᠴᠢ ᠼᠤᠤ ᠬᠤᠢ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠤᠨ ᠡᠷᠬᠢᠯᠡᠭᠴᠢ ᠮᠠ ᠹᠠ ᠺᠦᠨ | 1.ᠬᠠᠮᠢᠶᠠᠷᠤᠭᠴᠢ | ᠲᠣᠰ ᠤᠳᠠᠭᠠᠨ ᠤ ᠰᠣᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ | ᠬᠥᠬᠡᠬᠤᠲᠠ ᠶᠢᠨ ᠷᠠᠳᠢᠣ᠋ ᠲᠧᠯᠸᠢᠰ ᠤᠨ ᠲᠣᠪᠴᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ | ᠬᠠᠮᠲᠤᠷᠠᠭᠰᠠᠨ ᠲᠤᠰᠬᠠᠢ ᠰᠣᠷᠪᠤᠯᠵᠢᠯᠠᠭ᠎ᠠ ᠪᠣᠯᠣᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠶᠠᠷᠢᠯᠴᠠᠵᠤ ᠪᠣᠯᠣᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠢ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | | | 2. ᠬᠥᠲᠥᠯᠥᠭᠴᠢ | ᠬᠥᠬᠡᠬᠤᠲᠠ ᠶᠢᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠ ᠶᠡᠭᠡ ᠡᠭᠦᠷᠭᠡ ᠪᠣᠯᠭᠠᠨ ᠲᠥᠯᠥᠪᠵᠢᠭᠦᠯᠵᠦ | ᠪᠠᠶᠢᠷᠢᠯᠠᠭᠤᠯᠤᠭᠰᠠᠭᠠᠷ ᠢᠷᠡᠵᠠᠢ᠂ 2023 ᠣᠨ ᠳᠤ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠶᠡᠷᠦᠩᠬᠡᠢ ᠳᠡᠭᠡᠨ ᠰᠠᠶᠢᠵᠢᠷᠠᠭᠤᠯᠤᠭᠰᠠᠨ ᠪᠠᠶᠢᠳᠠᠯ ᠬᠢᠷᠢ ᠵᠡᠷᠭᠡ ᠪᠤᠢ︖ ᠶᠠᠮᠠᠷ ᠶᠠᠮᠠᠷ ᠪᠦᠲᠦᠮᠵᠢᠲᠡᠶ | ᠠᠷᠭ᠎ᠠ ᠬᠡᠮᠵᠢᠶ᠎ᠡ ᠠᠪᠤᠭᠰᠠᠨ ᠪᠣᠶ︖ | | | 3. ᠵᠣᠴᠢᠨ / ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ | | | | | 2023 ᠣᠨ ᠳᠤ ᠪᠢᠳᠡ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠣᠯ ᠠᠵᠢᠯ ᠤᠨ | ᠲᠣᠭᠤᠷᠢᠨ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠲᠥᠪ᠂ ᠥᠪᠡᠷᠲᠡᠭᠡᠨ | ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠢᠨᠠᠨ ᠬᠡᠮᠵᠢᠵᠦ ᠬᠢᠨᠠᠨ ᠬᠠᠮᠢᠶᠠᠷᠬᠤ ᠠᠷᠭ᠎ᠠ | ᠬᠡᠯᠪᠡᠷᠢ ᠶᠢ ᠬᠦᠴᠦᠯᠡᠨ ᠰᠢᠯᠢᠳᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠪᠠ᠃ | | | ᠠᠭᠠᠷ ᠤᠨ ᠴᠢᠨᠠᠷ ᠤᠨ ᠲᠠᠯ᠎ᠠ ᠪᠠᠷ᠃ ᠪᠥᠬᠦ ᠵᠢᠯ ᠤᠨ ᠰᠢᠯᠢᠳᠡᠭ ᠡᠳᠦᠷ ᠤᠨ ᠲᠤᠭ᠎ᠠ ᠨᠡᠶᠢᠲᠡ 292 ᠡᠳᠦᠷ | ᠪᠠᠶᠢᠵᠤ᠂ ᠪᠠᠷᠢᠮᠵᠢᠶ᠎ᠠ ᠳᠤ ᠬᠦᠷᠦᠭᠰᠡᠨ ᠨᠣᠷᠮ᠎ᠠ ᠨᠢ 87.0% ︵ᠡᠯᠡᠰᠦ ᠲᠣᠭᠤᠰᠣᠨ ᠤ ᠨᠥᠯᠥᠭᠡ ᠶᠢ ᠬᠠᠰᠤᠨ᠎ᠠ︶ | ᠪᠠᠶᠢᠵᠤ᠂ ᠬᠢᠨᠠᠨ ᠰᠢᠯᠭᠠᠬᠤ ᠭᠦᠢᠴᠡᠳᠬᠡᠯ ᠲᠤᠭ᠎ᠠ ᠠᠴᠠ 7.7 ᠵᠠᠭᠤᠨ ᠤ ᠨᠢᠭᠡᠴᠢ ᠳᠡᠭᠡᠭᠰᠢᠯᠡᠵᠡᠢ᠃ | | | ᠤᠰᠤᠨ ᠣᠷᠴᠢᠨ ᠲᠣᠭᠤᠷᠢᠨ ᠤ ᠴᠢᠨᠠᠷ ᠤᠨ ᠲᠠᠯ᠎ᠠ ᠪᠠᠷ᠃ ᠭᠠᠵᠠᠷ ᠤᠨ ᠭᠠᠳᠠᠷᠭᠤ ᠶᠢᠨ ᠤᠰᠤᠨ ᠤ | ᠤᠯᠤᠰ ᠤᠨ ᠡᠵᠡᠮᠰᠢᠯ ᠤᠨ ᠣᠭᠲᠣᠯᠣᠭᠠᠰᠤ ᠶᠢᠨ ᠤᠰᠤᠨ ᠤ ᠴᠢᠨᠠᠷ ︵ᠳᠤᠮᠳᠠᠴᠢ ᠬᠡᠮᠵᠢᠭᠳᠡᠯ︶ ᠤᠨ ᠪᠠᠷᠢᠮᠵᠢᠶ᠎ᠠ ᠳᠤ | ᠬᠦᠷᠦᠭᠰᠡᠨ ᠨᠣᠷᠮ᠎ᠠ ᠨᠢ 100% ᠪᠠᠶᠢᠵᠤ᠂ Ⅲ ᠲᠥᠷᠥᠯ ᠤᠨᠤᠰᠤᠨ ᠴᠣᠭᠴᠠ ᠳᠤ ᠭᠦᠷᠦᠭᠰᠡᠨ ᠪᠤᠶᠤ | ᠲᠡᠭᠦᠨᠡᠴᠠ ᠰᠠᠶᠢᠨ ᠪᠣᠯᠤᠭᠰᠠᠨ ᠬᠠᠷᠢᠴᠠᠯ ᠨᠢ 60% ᠪᠠᠶᠢᠵᠤ᠂ ᠮᠠᠭᠤ V ᠲᠥᠷᠥᠯ ᠤᠨ ᠤᠰᠤᠨ ᠴᠣᠭᠴᠠ ᠶᠢ | ᠠᠷᠢᠯᠭᠠᠵᠤ᠂ ᠣᠭᠲᠣᠯᠣᠭᠠᠰᠤ ᠵᠢᠨᠤᠰᠤᠨ ᠤ ᠴᠢᠨᠠᠷ ᠨᠢ ᠠᠳᠠᠯᠢ ᠬᠤᠭᠤᠴᠠᠭᠠᠨ ᠤ ᠬᠢ ᠠᠴᠠ︽ᠳᠥᠷᠪᠡᠨ ᠲᠡᠭᠰᠢ | ᠨᠢᠭᠡ ᠯᠢᠲᠷ︾ ᠪᠠᠶᠢᠵᠤ᠂ ᠡᠭᠦᠨ ᠳᠤ ᠾᠦᠨ ᠾᠧ ᠭᠤᠣᠯ ᠤᠨ ᠬᠤᠸᠠᠩ ᠺᠧᠦ ᠳᠤ ᠴᠢᠳᠬᠤᠬᠤ ᠣᠭᠲᠣᠯᠣᠭᠠᠰᠤ ᠶᠢᠨ | ᠤᠰᠤᠨ ᠤ ᠴᠢᠨᠠᠷ ᠨᠢ Ⅲ ᠲᠥᠷᠥᠯ ᠠᠴᠠ Ⅱ ᠲᠥᠷᠥᠯ ᠳᠤ ᠭᠦᠷᠦᠭᠰᠡᠨ ᠪᠠᠶᠢᠨ᠎ᠠ᠃ ᠬᠤᠲᠠ ᠶᠢᠨ ᠲᠥᠪᠯᠡᠷᠡᠩᠭᠦᠢ | ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨᠤᠰᠤᠨ ᠤ ᠴᠢᠨᠠᠷ ᠢ Ⅲ ᠲᠥᠷᠥᠯ ᠤᠨ | ᠪᠠᠷᠢᠮᠵᠢᠶ᠎ᠠ ᠶᠢᠨ ᠬᠢᠵᠠᠭᠠᠷ ᠬᠡᠮᠵᠢᠭᠳᠡᠯ ᠳᠤ ᠬᠦᠷᠪᠡ᠃ | | | ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠠᠯ᠎ᠠ ᠪᠠᠷ᠃ ᠪᠥᠬᠦ ᠬᠤᠲᠠ ᠶᠢᠨ | ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠠᠮᠢᠶᠠᠷᠤᠨ | ᠡᠵᠡᠮᠳᠡᠬᠦ ᠨᠣᠷᠮ᠎ᠠ᠂ ᠪᠣᠬᠢᠷᠲᠤᠭᠰᠠᠨ ᠭᠠᠵᠠᠷ ᠤᠨ ᠠᠮᠤᠷ ᠲᠦᠪᠰᠢᠨ ᠤ ᠠᠰᠢᠭᠯᠠᠯᠲᠠ ᠶᠢᠨ ᠨᠣᠷᠮ᠎ᠠ 100% ᠳᠤ | ᠬᠥᠷᠪᠡ᠃ | | | ᠪᠢᠳᠡ ᠭᠤᠣᠯᠳᠠᠭᠤ ᠳᠣᠣᠷᠠᠬᠢ ᠮᠡᠲᠦ ᠲᠦᠷᠪᠡᠨ ᠲᠠᠯ᠎ᠠ ᠶᠢᠨ ᠠᠷᠭ᠎ᠠ ᠬᠡᠮᠵᠢᠶ᠎ᠡ ᠶᠢ ᠠᠪᠴᠠᠢ᠄ | ᠨᠢᠭᠡ ᠳᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ ᠳᠡᠭᠡᠭᠰᠢᠯᠡᠭᠦᠯᠪᠡ᠃ ︽ | ᠬᠥᠬᠡᠬᠤᠲᠠ ᠶᠢᠨ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ | ᠬᠤᠲᠠ ᠶᠢ ᠪᠠᠬᠢᠵᠢᠭᠦᠯᠦᠨ ᠳᠡᠭᠡᠭᠰᠢᠯᠡᠭᠦᠯᠬᠦ ᠶᠢᠨ ᠬᠡᠷᠡᠭᠵᠢᠭᠦᠯᠬᠦ ᠲᠥᠰᠥᠯ ︵2023 - 2025 ᠣᠨ︶︾ ᠢ | ᠳᠠᠷᠤᠮᠠᠯᠯᠠᠨ ᠲᠠᠷᠬᠠᠭᠠᠵᠤ᠂ 36 ᠵᠦᠢᠯ ᠤᠨ ᠭᠦᠢᠴᠡᠳᠬᠡᠯ ᠲᠤᠭ᠎ᠠ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠪᠡ᠃ | ᠬᠤᠰᠢᠭᠤ ᠰᠢᠶᠠᠨ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠪᠠ ︽ᠴᠡᠩᠭᠡᠭ ᠤᠰᠤ ᠬᠥᠬᠡᠮᠳᠦᠭ ᠠᠭᠤᠯᠠ ᠤᠰᠤ ᠪᠣᠯ ᠠᠯᠲᠠᠨ | ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠡᠭᠦᠳᠦᠨ ᠪᠠᠶᠢᠭᠤᠯᠬᠤ | ᠠᠵᠢᠯ ᠢ ᠦᠷᠭᠦᠯᠵᠢᠯᠡᠨ ᠥᠷᠨᠢᠭᠦᠯᠵᠦ᠂ ᠪᠥᠬᠦ ᠣᠷᠣᠨ ᠪᠦᠰᠡ ᠶᠢᠨ ᠡᠭᠦᠳᠦᠨ ᠪᠠᠶᠢᠭᠤᠯᠬᠤ ᠶᠡᠭᠡ ᠪᠠᠶᠢᠷᠢᠰᠢᠯ ᠢ ᠪᠣᠶ | ᠪᠣᠯᠭᠠᠪᠠ᠃ ᠰᠢᠨ᠎ᠡ ᠬᠤᠲᠠ ᠲᠣᠭᠤᠷᠢᠭ᠂ ᠬᠤᠲᠣᠩ ᠠᠷᠠᠳ ᠤᠨ ᠲᠣᠭᠤᠷᠢᠭ ᠢ ᠲᠣᠰ ᠲᠣᠰ ᠤᠯᠤᠰ ᠪᠠ ᠥᠪᠡᠷᠲᠡᠭᠡᠨ | ᠵᠠᠰᠠᠬᠤ ᠣᠷᠣᠨ ᠤ ᠲᠠᠰ ᠤᠨ ︽ᠴᠡᠩᠭᠡᠭ ᠤᠰᠤ ᠬᠥᠬᠡᠮᠳᠦᠭ ᠠᠭᠤᠯᠠ ᠤᠰᠤ ᠪᠣᠯ ᠠᠯᠲᠠᠨ ᠮᠥᠩᠭᠦᠨ ᠠᠭᠤᠯᠠ︾ | ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢᠶᠠᠷ ᠨᠡᠷᠡᠶᠢᠳᠴᠦ᠂ ᠲᠦᠮᠡᠳ ᠵᠡᠭᠦᠨ ᠬᠤᠰᠢᠭᠤ᠂ | ᠰᠠᠶᠢᠬᠠᠨ ᠲᠣᠭᠤᠷᠢᠭ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢᠶᠠᠷ ᠨᠡᠷᠡᠶᠢᠳᠴᠦ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠳᠠᠬᠢᠨᠲᠠ ᠦᠷ᠎ᠡ ᠪᠦᠲᠦᠭᠡᠯ ᠣᠯᠪᠠ᠃ | ᠬᠤᠶᠠᠷ ᠲᠤ᠂ ᠥᠨᠳᠥᠷ ᠪᠠᠷᠢᠮᠵᠢᠶ᠎ᠠ ᠪᠠᠷ ︽ᠭᠤᠷᠪᠠᠨ ᠶᠡᠭᠡ ᠬᠠᠮᠠᠭᠠᠯᠠᠯᠲᠠ ᠶᠢᠨ ᠳᠠᠶᠢᠯᠠᠯᠳᠤᠭᠠᠨ︾ ᠢ ᠰᠠᠶᠢᠲᠤᠷ | ᠬᠢᠪᠡ᠃ ① ᠠᠭᠠᠷ ᠮᠠᠨᠳᠠᠯ ᠤᠨ ᠪᠣᠬᠢᠷᠲᠤᠯ ᠢ ᠬᠠᠮᠵᠢᠯᠴᠠᠨ ᠵᠠᠰᠠᠬᠤ ᠶᠢ ᠢᠳᠡᠪᠬᠢᠲᠡᠢ ᠲᠦᠯᠬᠢᠨ ᠠᠬᠢᠭᠤᠯᠪᠠ᠃ | ᠨᠡᠭᠦᠷᠡᠰᠦ ᠰᠢᠲᠠᠭᠠᠬᠤ 4 ᠭᠦᠸᠧᠯᠦ ᠶᠢᠨ ᠬᠡᠲᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠡᠮᠬᠢ | ᠵᠢᠷᠤᠮ ᠲᠠᠢ ᠠᠬᠢᠭᠤᠯᠵᠤ᠂ ᠰᠠᠭᠤᠭᠠᠯᠢ ᠠᠷᠠᠳ ᠤᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ | ᠥᠭᠡᠷᠡᠴᠢᠯᠡᠯᠲᠡ ᠶᠢ 5.96 ᠲᠦᠮᠡᠨ ᠡᠷᠦᠬᠡ ᠳᠤ ᠪᠡᠶᠡᠯᠡᠭᠦᠯᠵᠦ᠂ ᠡᠰᠢ ᠰᠦᠷᠡᠯ ᠢ ᠵᠠᠳᠠᠭᠠᠢ ᠰᠢᠲᠠᠭᠠᠬᠤ ᠪᠡᠯᠡ | ᠮᠥᠩᠭᠦ ᠶᠢ 4.16 ᠳ᠋ᠦᠩᠰᠢᠭᠤᠷ ᠲᠥᠭᠦᠷᠢᠭ ᠰᠠᠭᠤᠯᠭᠠᠨ ᠠᠪᠴᠤ᠂ ᠣᠽᠣᠨ ᠢ ᠬᠠᠮᠢᠶᠠᠷᠤᠨ ᠡᠵᠡᠮᠳᠡᠬᠦ ᠶᠢ | ᠴᠢᠩᠭᠠᠳᠬᠠᠬᠤ 21 ᠵᠤᠷᠪᠤᠰ ᠲᠦᠷ ᠴᠠᠭ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠦᠨᠳᠦ ᠬᠡᠯᠪᠡᠷᠢ ᠶᠢᠨ | ᠴᠠᠶᠢᠶ᠋ᠢᠦ ᠲᠤᠰᠤᠨ ᠲᠡᠷᠭᠡ ᠶᠢᠨ ᠠᠯᠤᠰ ᠡᠵᠡᠮᠰᠢᠯᠲᠦ ᠰᠦᠯᠵᠢᠶᠡᠨ ᠳᠠᠬᠢ ᠬᠢᠨᠠᠨ ᠡᠵᠡᠮᠳᠡᠬᠦ ᠲᠥᠬᠦᠭᠡᠷᠦᠮᠵᠢ ᠶᠢ | ᠤᠭᠰᠠᠷᠠᠬᠤ ᠶᠢ ᠪᠡᠶᠡᠯᠡᠭᠦᠯᠪᠡ᠃ ② ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠶᠡᠭᠡ ᠪᠠᠷ | ᠬᠢᠪᠡ᠃ ᠤᠯᠤᠰ ᠤᠨ ᠣᠷᠣᠨ ᠪᠦᠰᠡ ᠶᠢᠨ ᠳᠠᠬᠢᠯᠲᠠ ᠤᠰᠤ ᠶᠢ ᠣᠷᠴᠢᠯᠳᠤᠭᠤᠯᠤᠨ ᠠᠰᠢᠭᠯᠠᠬᠤ ᠲᠤᠷᠰᠢᠯᠲᠠ ᠶᠢᠨ | ᠬᠤᠲᠠ ᠳᠤ ᠠᠮᠵᠢᠯᠲᠠ ᠲᠠᠢ ᠪᠠᠷ ᠰᠣᠩᠭᠤᠭᠳᠠᠨ ᠣᠷᠣᠵᠤ᠂ ᠵᠢᠨᠴᠢᠶᠣᠣ ᠠᠵᠤ ᠦᠢᠯᠡᠳᠪᠦᠷᠢ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠲᠤᠷᠰᠢᠯᠲᠠ ᠶᠢᠨ ᠤᠰᠤᠨ ᠤ ᠠᠵᠢᠯᠯᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ | ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠭᠠᠵᠠᠷ ᠳᠣᠣᠷᠠᠬᠢ ᠪᠠᠷᠢᠯᠭ᠎ᠠ ᠶᠢᠨ ᠣᠷᠣᠢ ᠶᠢ ᠨᠢ | ᠠᠳᠠᠭᠠᠷᠯᠠᠪᠠ︔ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠ ᠶᠢ ᠲᠣᠬᠢᠷᠠᠭᠤᠯᠬᠤ ᠵᠢᠴᠢ ᠬᠤᠪᠢᠷᠠᠭᠤᠯᠬᠤ ᠶᠢ | ᠬᠢᠨᠠᠨ ᠵᠥᠪᠰᠢᠶᠡᠷᠡᠬᠦ 4 ᠠᠵᠢᠯ ᠢ ᠪᠡᠶᠡᠯᠡᠭᠦᠯᠵᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ 289 ᠠᠮᠠ ᠶᠢ | ᠴᠡᠭᠴᠡᠯᠡᠨ ᠵᠠᠰᠠᠪᠠ︔ ᠡᠯ᠎ᠡ ᠬᠤᠰᠢᠭᠤ ᠰᠢᠶᠠᠨ ᠲᠣᠭᠤᠷᠢᠭ ᠤᠨ ᠲᠤᠰᠢᠶᠠᠭᠰᠠᠨ ᠬᠡᠰᠡᠭ ᠤᠨ ᠣᠭᠲᠣᠯᠣᠭᠠᠰᠤ ᠶᠢᠨ | ᠪᠠᠷᠢᠮᠵᠢᠶ᠎ᠠ ᠠᠴᠠ ᠬᠡᠲᠦᠷᠡᠭᠰᠡᠨ ᠨᠥᠬᠦᠪᠦᠷᠢ ᠮᠥᠩᠭᠦ 1152.33 ᠲᠦᠮᠡᠨ ᠲᠥᠭᠦᠷᠢᠭ ᠲᠤᠰᠢᠶᠠᠪᠠ︔ ᠲᠡᠯᠡᠶ ᠶᠢᠨ | ᠤᠷᠤᠰᠬᠠᠯ ᠤᠨ ᠤᠰᠤᠨ ᠴᠥᠭᠦᠷᠥᠮ ᠤᠨ ᠨᠤᠭᠤ ᠭᠠᠵᠠᠷ ᠢ ᠴᠡᠪᠡᠷᠰᠢᠭᠦᠯᠬᠦ ᠢᠨᠵᠧᠨᠧᠷᠢᠩ᠂ ᠪᠠᠭ᠎ᠠ ᠲᠦᠷᠭᠡᠨ | ᠭᠤᠣᠯ ᠤᠨ ᠲᠦᠮᠡᠳ ᠵᠡᠭᠦᠨ ᠬᠤᠰᠢᠭᠤᠨ ᠤ ᠬᠡᠰᠡᠭ ᠤᠨ ᠠᠮᠢ ᠠᠬᠤᠢ ᠶᠢ ᠴᠡᠪᠡᠷᠰᠢᠭᠦᠯᠬᠦ ᠢᠨᠵᠧᠨᠧᠷᠢᠩ ᠢ | ᠪᠠᠶᠢᠭᠤᠯᠵᠤ ᠳᠠᠭᠤᠰᠬᠠᠨ᠂ ᠬᠠᠷ᠎ᠠ ᠤᠰᠤ ᠶᠢᠨ ᠠᠮᠢ ᠠᠬᠤᠢ ᠶᠢᠨ ᠨᠠᠮᠬᠠᠳᠬᠠᠬᠤ ᠪᠦᠰᠡ ᠶᠢ ᠵᠠᠰᠠᠨ ᠰᠡᠷᠭᠦᠭᠡᠬᠦ ᠵᠢᠴᠢ | ᠪᠦᠲᠦᠭᠡᠨ ᠪᠠᠶᠢᠭᠤᠯᠬᠤ ᠢᠨᠵᠧᠨᠧᠷᠢᠩ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ᠃ | ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠰᠠᠪᠠ ᠭᠠᠵᠠᠷ ᠤᠨ ᠣᠭᠲᠣᠯᠣᠭᠠᠰᠤ ᠶᠢᠨ ᠤᠰᠤᠨ ᠤ ᠴᠢᠨᠠᠷ ᠤᠨ | ᠪᠣᠬᠢᠷᠲᠤᠯ ᠤᠨ ᠨᠥᠬᠦᠪᠦᠷᠢ ᠮᠥᠩᠭᠦ 430 ᠭᠠᠷᠤᠢ ᠲᠦᠮᠡᠨ ᠲᠥᠭᠦᠷᠢᠭ ᠭᠥᠷᠳᠡᠪᠡ᠃ ᠳᠤᠮᠳᠠᠳᠤ ᠤᠯᠤᠰ ᠤᠨ | ᠭᠠᠵᠠᠷ ᠰᠢᠨᠵᠢᠯᠡᠭᠡᠨ ᠤ ᠨᠡᠶᠢᠭᠡᠮᠯᠢᠭ ᠤᠨ ︽ᠬᠠᠲᠤᠨ ᠭᠤᠣᠯ ᠤᠨ ᠶᠡᠭᠡ ᠲᠦᠷᠭᠡᠨ ᠭᠤᠣᠯ ᠤᠨ ᠰᠠᠪᠠ ᠭᠠᠵᠠᠷ ᠤᠨ | ᠤᠰᠤᠨ ᠤ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠬᠢᠭᠡᠳ ᠣᠷᠴᠢᠨ ᠲᠣᠭᠤᠷᠢᠨ ᠤ ᠨᠥᠯᠥᠭᠡᠯᠡᠯ ᠤᠨ ᠰᠢᠨ᠎ᠡ ᠶᠢ | ᠡᠭᠦᠳᠬᠦ ᠰᠠᠭᠤᠷᠢᠨ ᠭᠠᠵᠠᠷ︾ ᠤᠨ ᠫᠠᠶᠢᠰᠠ ᠣᠯᠭᠤᠯᠲᠠ ᠶᠢ ᠭᠥᠷᠳᠡᠵᠦ᠂ ᠤᠰᠤᠨ ᠤ ᠠᠮᠢ ᠠᠬᠤᠢ ᠣᠷᠴᠢᠨ | ᠲᠣᠭᠤᠷᠢᠨ ᠤ ᠬᠦᠷᠢᠶᠡᠨ ᠳᠤ ᠦᠨᠡᠨ ᠬᠦ ᠠᠳᠬᠤᠵᠤ ᠪᠣᠳᠠᠲᠠᠢ ᠠᠵᠢᠯᠯᠠᠭᠠᠳ ᠢᠯᠡᠳᠲᠡ ᠦᠷ᠎ᠡ ᠪᠦᠲᠦᠮᠵᠢ | ᠣᠯᠣᠭᠰᠠᠨ ᠭᠠᠵᠠᠷ ᠣᠷᠣᠨ ᠤ ᠨᠡᠶᠢᠲᠡᠯᠢᠭ ᠲᠤᠷᠰᠢᠯᠭ᠎ᠠ ᠬᠢᠳᠡᠯ ᠨᠢ ᠠᠮᠢ ᠠᠬᠤᠢ ᠣᠷᠴᠢᠨ ᠲᠣᠭᠤᠷᠢᠨ ᠤ ᠶᠠᠮᠤᠨ ᠤ | ᠰᠠᠶᠢᠰᠢᠶᠠᠯ ᠢ ᠣᠯᠣᠭᠰᠠᠨ ᠪᠠᠶᠢᠨ᠎ᠠ᠃ ③ ᠬᠥᠷᠥᠰᠥ ᠰᠢᠷᠣᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠢ | ᠴᠢᠩᠭ᠎ᠠ ᠬᠠᠮᠠᠭᠠᠯᠠᠪᠠ᠃ ᠬᠥᠷᠥᠰᠥ ᠰᠢᠷᠣᠢ ᠶᠢᠨ ᠪᠣᠬᠢᠷᠲᠤᠯ ᠢ ᠭᠤᠣᠯᠳᠠᠯᠭ᠎ᠠ ᠲᠠᠢ ᠬᠢᠨᠠᠨ ᠬᠠᠮᠢᠶᠠᠷᠬᠤ ᠠᠵᠤ | ᠠᠬᠤᠶᠢᠯᠠᠯ ᠢ 17 ᠣᠷᠣᠭᠤᠯᠪᠠ︔ ᠵᠢᠨᠱᠠᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ | ᠲᠣᠭᠤᠷᠢᠭ ᠤᠨ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠠᠩᠬ᠎ᠠ ᠠᠯᠬᠤᠮ ᠤᠨ ᠪᠠᠶᠢᠴᠠᠭᠠᠯᠲᠠ ᠶᠢ | ᠪᠡᠶᠡᠯᠡᠭᠦᠯᠵᠦ᠂ ᠪᠥᠬᠦ ᠤᠯᠤᠰ ᠤᠨ ᠠᠩᠬᠠᠳᠠᠭᠴᠢ ᠪᠦᠯᠦᠭ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠭᠠᠵᠠᠷ ᠳᠣᠣᠷᠠᠬᠢ ᠤᠰᠤ ᠶᠢ ᠬᠠᠮᠢᠶᠠᠷᠤᠨ ᠡᠵᠡᠮᠳᠡᠵᠦ ᠵᠠᠰᠠᠨ ᠰᠡᠷᠭᠦᠭᠡᠬᠦ ᠲᠤᠷᠰᠢᠯᠲᠠ ᠶᠢᠨ ᠴᠡᠭ ᠲᠤ | ᠠᠮᠵᠢᠯᠲᠠ ᠲᠠᠢ ᠪᠠᠷ ᠰᠣᠩᠭᠤᠭᠳᠠᠪᠠ︔ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ | ᠦᠵᠡᠭᠦᠯᠬᠦ ᠲᠣᠰᠬᠤᠨ ᠢ 20 ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠪᠡ︔ ︽ᠬᠥᠬᠡᠬᠤᠲᠠ ᠶᠢᠨ ᠮᠠᠯ | ᠵᠢᠭᠦᠷᠲᠡᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ︾ ᠶᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ︔ | ᠬᠠᠲᠤᠨ ᠭᠤᠣᠯ ᠤᠨ 52 ᠰᠠᠪᠠ ᠭᠠᠵᠠᠷ ᠤᠨ ︽ᠬᠠᠶᠠᠭᠳᠠᠮᠠᠯ ᠪᠣᠳᠠᠰ ᠢ ᠠᠷᠢᠯᠭᠠᠬᠤ ᠠᠵᠢᠯᠯᠠᠭ᠎ᠠ︾ ᠶᠢᠨ | ᠠᠰᠠᠭᠤᠳᠠᠯ ᠤᠨ ᠴᠡᠭ ᠪᠠᠶᠢᠷᠢ ᠶᠢᠨ ᠴᠡᠭᠴᠡᠯᠡᠨ ᠥᠭᠡᠷᠡᠴᠢᠯᠡᠯᠲᠡ ᠶᠢ ᠪᠡᠶᠡᠯᠡᠭᠦᠯᠪᠡ᠃ | ᠭᠤᠷᠪᠠ ᠳᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ① ᠬᠤᠶᠠᠳᠤᠭᠠᠷ ᠡᠭᠡᠯᠵᠢ ᠶᠢᠨ | ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ 26 | ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠢᠭᠡᠨᠲᠡ 15 ᠵᠦᠢᠯ ᠢ ᠪᠡᠶᠡᠯᠡᠭᠦᠯᠵᠦ᠂ ᠦᠯᠡᠳᠡᠭᠰᠡᠨ | ᠴᠡᠭᠴᠡᠯᠡᠨ ᠰᠠᠶᠢᠵᠢᠷᠠᠭᠤᠯᠬᠤ ᠡᠭᠦᠷᠭᠡ ᠨᠢ ᠴᠥᠮ ᠴᠠᠭ ᠤᠨ ᠳᠠᠷᠠᠭᠠᠯᠠᠯ ᠤᠨ ᠠᠬᠢᠴᠠ ᠳᠤ ᠬᠦᠷᠴᠡᠢ᠃ ② | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ 47 ᠵᠦᠢᠯ ᠢ | ᠰᠢᠮᠳᠠᠭᠤᠯᠤᠨ ᠪᠠᠶᠢᠴᠠᠭᠠᠵᠤ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠭᠠᠵᠠᠷ ᠤᠨ | ᠭᠠᠳᠠᠷᠭᠤ ᠶᠢᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠤᠰᠬᠠᠢ ᠰᠢᠮᠳᠠᠭᠤᠯᠤᠨ | ᠪᠠᠶᠢᠴᠠᠭᠠᠯᠲᠠ ᠶᠢᠨ 17 ᠵᠦᠢᠯ ᠤᠨ ᠴᠡᠭᠴᠡᠯᠡᠨ ᠥᠭᠡᠷᠡᠴᠢᠯᠡᠬᠦ ᠡᠭᠦᠷᠭᠡ ᠶᠢ ᠪᠦᠬᠦᠨ ᠢ ᠢᠯᠭᠠᠷᠠᠭᠤᠯᠤᠨ ᠲᠢᠭᠯᠡᠪᠡ᠃ | | ᠳᠥᠷᠪᠡ ᠳᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ | ᠨᠥᠯᠥᠭᠡ ᠶᠢᠨ ᠦᠨᠡᠯᠡᠯᠲᠡ ᠶᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠪᠡ᠃ ① | ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠦᠢᠯᠡᠴᠢᠯᠡᠭᠡᠨ ᠤ ︽ᠭᠤᠷᠪᠠᠨ ᠳᠡᠰ ᠤᠨ | ᠦᠰᠦᠷᠦᠯᠲᠡ︾ ᠶᠢᠨ ᠦᠢᠯᠡᠴᠢᠯᠡᠭᠡ ᠪᠠᠷ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠤᠨ ᠬᠡᠯᠬᠢᠶᠡᠵᠢᠯ ᠢ | ᠤᠷᠲᠤᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠥᠷᠭᠡᠳᠬᠡᠬᠦ ᠲᠥᠷᠥᠯ ᠵᠦᠢᠯ ᠢ ᠨᠠᠶᠢᠳᠠᠪᠤᠷᠢᠵᠢᠭᠤᠯᠵᠤ᠂ | ᠣᠷᠴᠢᠨ ᠲᠣᠭᠤᠷᠢᠨ ᠤ ᠨᠥᠯᠥᠭᠡᠯᠡᠯ ᠢᠶᠠᠷ ᠨᠡᠯᠢᠶᠡᠳ ᠬᠥᠩᠭᠡᠨ 662 ᠭᠤᠣᠯᠳᠠᠯᠭ᠎ᠠ ᠲᠠᠢ ᠲᠥᠷᠥᠯ ᠵᠦᠢᠯ ᠳᠤ | ᠬᠠᠤᠯᠢ ᠲᠣᠭᠲᠠᠭᠠᠯ ᠶᠣᠰᠣᠭᠠᠷ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ | ᠬᠠᠮᠢᠶᠠᠷᠤᠯᠲᠠ ᠶᠢ ᠬᠡᠯᠲᠦᠷᠢᠭᠦᠯᠪᠡ᠃ ② ᠠᠵᠢᠯ ᠤᠨ ᠶᠠᠪᠤᠴᠠ ᠶᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ | ᠴᠠᠭ ᠤᠨ ᠬᠢᠵᠠᠭᠠᠷ ᠢ ᠪᠠᠭᠠᠰᠬᠠᠪᠠ᠃ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ | ᠮᠡᠳᠡᠭᠦᠯᠦᠯᠲᠡ ᠶᠢᠨ ᠪᠢᠴᠢᠭ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ | ᠮᠡᠳᠡᠭᠦᠯᠦᠯᠲᠡ ᠶᠢᠨ ᠬᠦᠰᠦᠨᠦᠭᠲᠦ ᠶᠢ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠦᠬᠦᠨ ᠢ ᠤᠤᠯ ᠤᠨ ᠬᠠᠭᠠᠰ | ᠬᠦᠷᠲᠡᠯ᠎ᠡ ᠪᠠᠭᠠᠰᠬᠠᠵᠤ᠂ ᠴᠢᠬᠤᠯᠠ ᠶᠡᠭᠡ ᠲᠦᠷᠦᠯ ᠵᠦᠢᠯ ᠤᠨ ᠬᠢᠨᠠᠨ ᠵᠥᠪᠰᠢᠶᠡᠷᠡᠬᠦ ᠴᠠᠭ ᠢ ᠤᠯᠠᠮ ᠨᠢᠭᠡ ᠠᠯᠬᠤᠮ | ᠴᠣᠮᠬᠠᠳᠬᠠᠪᠠ᠃ ᠭᠤᠣᠯᠳᠠᠯᠭ᠎ᠠ ᠲᠠᠢ ᠲᠥᠷᠥᠯ ᠵᠦᠢᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ | ᠦᠨᠡᠯᠡᠯᠲᠡ ᠶᠢ ᠮᠡᠳᠡᠭᠦᠯᠦᠨ ᠬᠦᠷᠭᠡᠵᠦ ᠭᠦᠢᠴᠡᠳᠬᠡᠭᠰᠡᠨ ᠨᠣᠷᠮ᠎ᠠ100% ᠳᠤ ᠬᠦᠷᠪᠡ᠃ | | | 4. ᠬᠥᠲᠥᠯᠥᠭᠴᠢ | ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠪᠣᠯ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠬᠥᠭᠵᠢᠭᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠮᠠᠨ ᠤ ᠬᠤᠲᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠰᠢᠰᠲ᠋ᠧᠮ ᠳᠤ ᠡᠨᠡ ᠲᠠᠯ᠎ᠠ ᠪᠠᠷ ᠶᠠᠮᠠᠷ ᠶᠠᠮᠠᠷ ᠪᠣᠳᠠᠲᠠᠢ ᠠᠷᠭ᠎ᠠ ᠬᠡᠮᠵᠢᠶ᠎ᠡ ᠪᠠᠶᠢᠬᠤ ᠪᠣᠢ︖ ᠦᠷ᠎ᠡ | ᠳ᠋ᠦᠩ ᠨᠢ ᠶᠠᠮᠠᠷ ᠪᠤᠢ︖ | | | 5. ᠵᠣᠴᠢᠨ / ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ | ᠪᠢᠳᠡ ︽ᠠᠭᠤᠴᠢᠯᠠᠨ ᠰᠢᠢᠳᠬᠡᠬᠦ ᠪᠠ ᠴᠢᠩᠭ᠎ᠠ ᠰᠢᠢᠳᠬᠡᠬᠦ ᠶᠢ ᠬᠤᠣᠰᠯᠠᠭᠤᠯᠬᠤ᠂ ᠴᠢᠩᠭ᠎ᠠ ᠬᠠᠮᠢᠶᠠᠷᠴᠤ | ᠬᠠᠶᠢᠷᠠᠯᠠᠬᠤ︾ ᠬᠠᠪᠰᠤᠷᠤᠨ ᠲᠡᠳᠬᠦᠬᠦ ᠬᠠᠤᠯᠢ ᠬᠡᠷᠡᠭᠵᠢᠭᠦᠯᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠠᠤᠯᠢ | ᠬᠡᠷᠡᠭᠵᠢᠭᠦᠯᠬᠦ ᠶᠢ ᠨᠡᠩ ︽ᠳᠤᠯᠠᠭᠠᠴᠠ︾ ᠲᠠᠢ ᠪᠣᠯᠭᠠᠪᠠ᠃ ① ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ | ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠂ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ | ᠬᠠᠤᠯᠢ ᠬᠡᠷᠡᠭᠵᠢᠭᠦᠯᠦᠯᠲᠡ ᠶᠢᠨ 8 ᠲᠤᠰᠬᠠᠢ ᠪᠠᠶᠢᠴᠠᠭᠠᠯᠲᠠ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ︽ᠵᠠᠰᠠᠭ | ᠵᠠᠬᠢᠷᠭᠠᠨ ᠤ ᠰᠢᠢᠳᠬᠡᠯ ᠲᠣᠷᠭᠠᠭᠤᠯᠢ ᠶᠢᠨ ᠤᠶᠠᠨ ᠬᠠᠲᠠᠨ ᠬᠠᠤᠯᠢ ᠬᠡᠷᠡᠭᠵᠢᠭᠦᠯᠦᠯᠲᠡ ᠶᠢᠨ ᠭᠤᠷᠪᠠᠨ ᠬᠠᠭᠤᠳᠠᠰᠤ | ᠨᠠᠷᠢᠨ ᠲᠠᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠶᠢᠨ | ᠴᠢᠯᠦᠭᠡᠲᠦ ᠲᠠᠰᠤᠯᠤᠯᠲᠠ ᠶᠢᠨ ᠡᠷᠬᠡ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠡᠯ᠎ᠡ ᠲᠥᠷᠥᠯ ᠤᠨ ᠠᠵᠤ | ᠠᠬᠤᠶᠢᠯᠠᠯ ᠢ ᠨᠡᠶᠢᠲᠡ 2210 ᠭᠠᠷᠤᠢ ᠵᠢᠭᠰᠠᠭᠠᠨ ᠪᠠᠶᠢᠴᠠᠭᠠᠵᠤ᠂ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ ᠬᠡᠷᠡᠭ ᠢ ᠨᠡᠶᠢᠲᠡ 73 ᠪᠠᠶᠢᠴᠠᠭᠠᠨ ᠰᠢᠢᠳᠪᠦᠷᠢᠯᠡᠵᠦ᠂ 382. 305 ᠲᠦᠮᠡᠨ ᠲᠥᠭᠦᠷᠢᠭ ᠢᠶᠠᠷ | ᠲᠣᠷᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢᠨ 4 | ᠨᠡᠶᠢᠲᠡᠯᠢᠭ ᠬᠡᠷᠡᠭ ᠢ ᠨᠡᠶᠢᠲᠡᠯᠡᠵᠦ᠂ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠬᠦᠴᠦᠲᠡᠢ ᠰᠦᠷᠳᠡᠭᠦᠯᠦᠯ ᠪᠣᠯᠪᠠ᠃ ② ᠪᠠᠭᠲᠠᠭᠠᠮᠵᠢᠲᠠᠢ ᠬᠢᠨᠠᠭᠤᠷ ᠪᠣᠯᠭᠤᠮᠵᠢᠲᠠᠢ ᠬᠢᠨᠠᠯᠲᠠ ᠬᠠᠮᠢᠶᠠᠷᠤᠯᠲᠠ ᠶᠢ | ᠪᠥᠬᠦ ᠲᠠᠯ᠎ᠠ ᠪᠠᠷ ᠬᠡᠷᠡᠭᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠠᠵᠤ | ᠠᠬᠤᠶᠢᠯᠠᠯ ᠤᠨ ᠬᠥᠭᠵᠢᠯᠲᠡ ᠳᠤ ᠦᠢᠯᠡᠴᠢᠯᠡᠵᠦ᠂ ᠣᠷᠴᠢᠨᠲ᠋ᠣᠭᠤᠷᠢᠨ ᠤ ᠬᠥᠩᠭᠡᠨ ᠠᠰᠠᠭᠤᠳᠠᠯ ᠣᠷᠣᠰᠢᠵᠤ ᠪᠠᠶᠢᠭ᠎ᠠ | 13 ᠬᠡᠷᠡᠭ ᠲᠤ ᠰᠢᠢᠳᠬᠡᠯ ᠥᠭᠬᠦ ᠦᠭᠡᠢ᠂ ᠡᠭᠦᠨ ᠳᠤ 210.13 ᠲᠦᠮᠡᠨ ᠲᠥᠭᠦᠷᠢᠭ ᠤᠨ ᠲᠣᠷᠭᠠᠭᠤᠯᠢ ᠶᠢᠨ | ᠮᠥᠩᠭᠦ ᠬᠤᠯᠪᠣᠭᠳᠠᠨ᠎ᠠ᠃ | | | 6. ᠬᠥᠲᠥᠯᠥᠭᠴᠢ | ᠣᠳᠣᠬᠠᠨ ᠳᠤ᠂ ︽ᠬᠠᠶᠠᠭᠳᠠᠮᠠᠯ ᠦᠭᠡᠢ ᠬᠤᠲᠠ︾ ᠨᠢ ᠨᠢᠭᠡᠨᠲᠡ ᠨᠢᠭᠡ ᠵᠦᠢᠯ ᠤᠨ ᠲᠡᠷᠢᠭᠦᠨ ᠤ ᠬᠤᠲᠠ ᠶᠢᠨ | ᠬᠠᠮᠢᠶᠠᠷᠤᠯᠲᠠ ᠶᠢᠨ ᠣᠶᠢᠯᠠᠭᠠᠭᠳᠠᠬᠤᠨ ᠪᠣᠯᠵᠤ᠂ ᠤᠯᠠᠮ ᠠᠴᠠ ᠤᠯᠠᠮ ᠬᠥᠮᠥᠰ ᠤᠨ ᠠᠩᠬᠠᠷᠤᠯ ᠢ ᠲᠠᠲᠠᠵᠤ ᠪᠠᠶᠢᠨ᠎ᠠ᠂ | ᠮᠠᠨ ᠤ ᠬᠤᠲᠠ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠬᠡᠷᠬᠢᠨ ᠠᠬᠢᠭᠤᠯᠵᠤ ᠪᠠᠶᠢᠬᠤ | ᠪᠣᠶ︖ | | | 7. ᠵᠣᠴᠢᠨ / ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ | ᠪᠥᠬᠦ ᠬᠤᠲᠠ ᠶᠢᠨ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠮᠠᠨ ᠤ ᠬᠤᠲᠠ ᠠᠮᠢ ᠠᠬᠤᠢ ᠣᠷᠴᠢᠨ | ᠲᠣᠭᠤᠷᠢᠨ ᠤ ᠶᠠᠮᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ | ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠨᠡᠷᠡᠰ ᠲᠤ ᠠᠮᠵᠢᠯᠲᠠ ᠲᠠᠢ ᠪᠠᠷ | ᠰᠣᠩᠭᠤᠭᠳᠠᠪᠠ᠃ ᠡᠭᠦᠨ ᠢᠶᠠᠷ ᠠᠵᠠ ᠲᠣᠬᠢᠶᠠᠯ ᠪᠣᠯᠭᠠᠵᠤ᠂ ᠪᠢᠳᠡ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ | ᠪᠠᠶᠢᠭᠤᠯᠤᠯᠲᠠ ᠶᠢ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠬᠦ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠠᠬᠢᠭᠤᠯᠬᠤ ᠶᠡᠷᠦᠩᠬᠡᠢ ᠭᠠᠷᠳᠠᠴᠠ | ᠪᠣᠯᠭᠠᠵᠤ᠂ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠲᠣᠪᠣᠶᠢᠮ᠎ᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠪᠠ᠃ ᠭᠤᠣᠯᠳᠠᠯᠭ᠎ᠠ ᠨᠢ ᠭᠤᠷᠪᠠᠨ ᠲᠠᠯ᠎ᠠ ᠪᠠᠷ ᠬᠦᠴᠦᠯᠡᠪᠡ᠄ ① | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠨᠢᠭᠡᠨᠲᠡ ᠪᠣᠯᠪᠠᠰᠤᠷᠠᠩᠭᠤᠢ ᠠᠵᠢᠯᠯᠠᠭᠰᠠᠨ | ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠤᠳᠤᠷᠢᠳᠬᠤ ᠳᠤᠭᠤᠶᠢᠯᠠᠩ ᠳᠤ ᠲᠦᠰᠢᠭᠯᠡᠨ᠂ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ | ᠵᠡᠷᠭᠡ ᠬᠤᠲᠠ ᠶᠢᠨ ᠲᠠᠰ ᠤᠨ 10 ᠰᠠᠯᠠᠭ᠎ᠠ ᠮᠥᠴᠢᠷ ᠢᠶᠠᠷ ᠭᠤᠣᠯᠳᠠᠯᠭ᠎ᠠ ᠪᠣᠯᠭᠠᠵᠤ᠂ ᠠᠵᠢᠯ ᠤᠨ ᠲᠤᠰᠬᠠᠢ | ᠠᠩᠭᠢ ᠶᠢ ᠪᠠᠶᠢᠭᠤᠯᠤᠨ ᠬᠦᠴᠦᠷᠬᠡᠭᠵᠢᠭᠦᠯᠪᠡ᠃ ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠬᠤᠭᠤᠴᠠᠭᠠᠨ ᠳᠠᠬᠢ ︿ᠬᠠᠶᠠᠭᠳᠠᠮᠠᠯ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ | ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠨ᠂ ︽ᠬᠠᠶᠠᠭᠳᠠᠮᠠᠯ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ | 49 ᠵᠦᠢᠯ ᠤᠨ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠤᠨ ᠵᠠᠳᠠᠯᠵᠤ᠂ ᠠᠵᠢᠯ ᠤᠨ ᠳᠦᠷᠢᠮ ᠪᠠ | ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠬᠠᠭᠤᠳᠠᠰᠤ ᠶᠢ ᠢᠵᠢ ᠪᠦᠷᠢᠳᠦᠭᠦᠯᠦᠨ ᠲᠣᠭᠲᠠᠭᠠᠪᠠ᠃ ︽ᠬᠠᠶᠠᠭᠳᠠᠮᠠᠯ | ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ | ︽ᠭᠠᠷᠠᠭ ᠢᠶᠠᠷ ᠲᠣᠬᠢᠷᠠᠭᠤᠯᠬᠤ᠂ ᠰᠠᠷ᠎ᠠ ᠪᠠᠷ ᠬᠤᠷᠢᠶᠠᠩᠭᠤᠶᠢᠯᠠᠬᠤ᠂ ᠤᠯᠠᠷᠢᠯ ᠢᠶᠠᠷ ᠮᠡᠳᠡᠭᠡᠯᠡᠬᠦ︾ ᠠᠵᠢᠯ ᠤᠨ | ᠲᠣᠭᠲᠠᠴᠠ ᠶᠢ ᠬᠡᠷᠡᠭᠵᠢᠭᠦᠯᠦᠨ᠂ ᠨᠠᠶᠢᠳᠠᠪᠤᠷᠢᠵᠢᠭᠤᠯᠤᠨ ᠬᠡᠷᠡᠭᠵᠢᠭᠦᠯᠬᠦ ᠬᠦᠴᠦᠨ ᠢ ᠴᠢᠩᠭᠠᠷᠠᠭᠤᠯᠪᠠ᠃ ② ᠲᠥᠷᠥᠯ | ᠵᠦᠢᠯ ᠢᠶᠠᠷ ᠳᠠᠶᠢᠴᠢᠯᠠᠬᠤ ᠶᠢ ᠳᠤᠪᠤᠶᠢᠯᠭᠠᠪᠠ᠃ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠢ ᠶᠡᠷᠦᠩᠬᠡᠶᠢᠯᠡᠨ ᠠᠰᠢᠭᠯᠠᠬᠤ᠂ ᠡᠮᠴᠢᠯᠡᠭᠡᠨ ᠤ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠬᠤᠭ | ᠨᠣᠪᠰᠢ ᠶᠢ ᠬᠤᠷᠢᠶᠠᠨ ᠠᠪᠴᠤ ᠶᠡᠷᠦᠩᠬᠡᠶᠢᠯᠡᠨ ᠠᠰᠢᠭᠯᠠᠬᠤ ᠵᠡᠷᠭᠡ ᠳᠤᠲᠠᠭᠤᠳᠠᠯ ᠤᠨ ᠲᠣᠭᠤᠷᠢᠨ ᠳᠤ᠂ | ᠭᠤᠣᠯᠳᠠᠯᠭ᠎ᠠ ᠲᠠᠢ ᠲᠥᠷᠥᠯ ᠵᠦᠢᠯ ᠢ 42 ᠪᠠᠶᠢᠷᠢᠯᠠᠭᠤᠯᠤᠨ ᠬᠡᠷᠡᠭᠵᠢᠭᠦᠯᠵᠦ᠂ 32 ᠲᠥᠷᠥᠯ ᠵᠦᠢᠯ ᠢ | ᠪᠡᠶᠡᠯᠡᠭᠦᠯᠬᠦ ᠶᠢ ᠲᠦᠯᠬᠢᠨ ᠠᠬᠢᠭᠤᠯᠵᠤ᠂ ᠨᠡᠶᠢᠲᠡ 31.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠵᠦ ᠠᠰᠢᠭᠯᠠᠬᠤ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠪᠡ᠃ ③ ᠪᠦᠬᠦ ᠠᠷᠠᠳ ᠢ ᠳᠠᠶᠢᠴᠢᠯᠠᠨ ᠣᠷᠣᠯᠴᠠᠭᠤᠯᠪᠠ᠃ ︽ᠬᠠᠶᠠᠭᠳᠠᠮᠠᠯ ᠦᠭᠡᠢ ᠡᠰ︾ ᠤᠨ | ᠪᠠᠶᠢᠭᠤᠯᠤᠯᠲᠠ ᠶᠢ ᠡᠬᠢᠯᠡᠭᠦᠯᠵᠦ᠂ ᠬᠤᠶᠠᠷ ᠪᠦᠯᠦᠭ 58 ︽ᠬᠠᠶᠠᠭᠳᠠᠮᠠᠯ ᠦᠭᠡᠢ ᠡᠰ︾ ᠢ ᠡᠭᠦᠳᠦᠨ ᠪᠠᠶᠢᠭᠤᠯᠬᠤ | ᠨᠡᠷᠡᠰ ᠢ ᠨᠡᠶᠢᠲᠡᠯᠡᠪᠡ᠃ ︽ᠬᠠᠶᠠᠭᠳᠠᠮᠠᠯ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢᠨ logo ᠵᠢᠴᠢ | ᠤᠬᠠᠭᠤᠯᠭ᠎ᠠ ᠶᠢᠨ ᠤᠷᠢᠶ᠎ᠠ ᠯᠣᠽᠦ᠋ᠩ ᠴᠤᠭᠯᠠᠭᠤᠯᠬᠤ ᠠᠵᠢᠯᠯᠠᠭ᠎ᠠ ᠶᠢ ᠥᠷᠨᠢᠭᠦᠯᠵᠦ᠂ ︽ᠬᠠᠶᠠᠭᠳᠠᠮᠠᠯ ᠦᠭᠡᠢ ᠬᠤᠳᠠ︾ | ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠣᠯᠠᠨ ᠨᠡᠶᠢᠲᠡ ᠶᠢᠨ ᠮᠡᠳᠡᠬᠦ ᠨᠤᠷᠮ᠎ᠠ ᠪᠠ ᠣᠷᠣᠯᠴᠠᠬᠤ | ᠨᠤᠷᠮ᠎ᠠ ᠶᠢ ᠳᠡᠭᠡᠭᠰᠢᠯᠡᠭᠦᠯᠪᠡ᠃ 2023 ᠣᠨ ᠳᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ 57% ᠳᠤ ᠬᠦᠷᠦᠭᠦᠯᠪᠡ᠃ | | | 8. ᠬᠥᠲᠥᠯᠥᠭᠴᠢ | ᠣᠳᠣᠬᠠᠨ ᠳᠤ ᠮᠠᠨ ᠤ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠠᠯ᠎ᠠ ᠪᠠᠷ ᠪᠠᠰᠠ ᠶᠠᠮᠠᠷ | ᠶᠠᠮᠠᠷ ᠲᠣᠪᠣᠶᠢᠮ᠎ᠠ ᠠᠰᠠᠭᠤᠳᠠᠯ ᠣᠷᠣᠰᠢᠵᠤ ᠪᠠᠶᠢᠬᠤ ᠪᠣᠶ︖ ᠪᠢᠳᠡ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ | ᠰᠢᠢᠳᠪᠦᠷᠢᠯᠡᠬᠦ ᠪᠣᠶ︖ | 9.ᠵᠣᠴᠢᠨ / ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ | | | | | | ᠠᠮᠵᠢᠯᠲᠠ ᠪᠠᠨ ᠳ᠋ᠦᠩᠨᠡᠬᠦ ᠶᠢᠨ ᠵᠡᠷᠭᠡ ᠳᠤ᠂ ᠪᠢᠳᠡ ᠪᠠᠰᠠ ᠠᠵᠢᠯ ᠤᠨ ᠲᠠᠯ᠎ᠠ ᠪᠠᠷ ᠮᠥᠨ ᠬᠦ ᠵᠥᠷᠢᠶ᠎ᠡ ᠪᠠ | ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠬᠤ ᠶᠢ ᠲᠠᠨᠢᠵᠤ ᠣᠯᠣᠭᠰᠠᠨ ᠪᠠᠶᠢᠨ᠎ᠠ᠄ ᠨᠢᠭᠡ ᠳᠤ᠂ ᠠᠭᠠᠷ ᠮᠠᠨᠳᠠᠯ ᠤᠨ | ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠬᠦᠴᠢᠷᠳᠡᠯ ᠶᠡᠬᠡᠰᠴᠦ᠂ ᠣᠽᠣᠨ ᠤ | ᠪᠠᠷᠢᠮᠵᠢᠶ᠎ᠠ ᠠᠴᠠ ᠬᠡᠲᠦᠷᠡᠭᠰᠡᠨ ᠠᠴᠠ ᠪᠣᠯᠤᠭᠰᠠᠨ ᠪᠤᠬᠢᠷᠳᠤᠯᠲᠤ ᠴᠠᠭ ᠠᠭᠤᠷ ᠤᠨ ᠪᠥᠬᠦ ᠵᠢᠯ ᠤᠨ ᠪᠤᠬᠢᠷᠳᠤᠯᠲᠤ | ᠡᠳᠦᠷ ᠤᠨ ᠲᠤᠭ᠎ᠠ ᠳᠠᠬᠢ ᠡᠵᠡᠯᠡᠬᠦ ᠬᠠᠷᠢᠴᠠᠯ ᠵᠢᠯ ᠳᠠᠷᠠᠭᠠᠯᠠᠨ ᠨᠡᠮᠡᠭᠳᠡᠵᠦ᠂ ᠣᠽᠣᠨ ᠨᠢ ᠮᠠᠨ ᠤ ᠬᠤᠲᠠ ᠶᠢᠨ ᠵᠣᠨ ᠤ | ᠤᠯᠠᠷᠢᠯ ᠤᠨ ᠥᠨᠳᠥᠷ ᠬᠠᠯᠠᠭᠤᠨ ᠴᠠᠭ ᠠᠭᠤᠷ ᠤᠨ ᠠᠭᠠᠷ ᠤᠨ ᠶᠠᠰᠤ ᠴᠢᠨᠠᠷ ᠢ ᠬᠢᠵᠠᠭᠠᠷᠯᠠᠬᠤ ᠭᠤᠣᠯ ᠬᠦᠴᠦᠨ | ᠵᠦᠢᠯ ᠪᠣᠯᠵᠤ ᠪᠠᠶᠢᠨ᠎ᠠ᠃ ᠬᠤᠶᠠᠷ ᠲᠤ ᠦᠶᠡᠷ ᠤᠨ ᠬᠤᠭᠤᠴᠠᠭᠠᠨ ᠤ ᠣᠭᠲᠣᠯᠣᠭᠠᠰᠤ ᠶᠢᠨ ᠤᠰᠤᠨ ᠤ ᠴᠢᠨᠠᠷ ᠢ | ᠪᠠᠷᠢᠮᠵᠢᠶ᠎ᠠ ᠳᠤ ᠬᠦᠷᠭᠡᠬᠦ ᠰᠠᠭᠤᠷᠢ ᠮᠥᠨ ᠯᠡ ᠪᠠᠲᠤ ᠪᠠᠬᠢ ᠪᠢᠰᠢ ᠪᠠᠶᠢᠵᠤ᠂ ᠭᠠᠩ ᠬᠠᠭᠤᠷᠠᠢ ᠤᠯᠠᠷᠢᠯ ᠳᠤ ︽ᠭᠬᠢᠷ | ᠪᠤᠷᠲᠠᠭ ᠢ ᠬᠠᠳᠠᠭᠠᠯᠠᠬᠤ︾᠂ ᠦᠶᠡᠷ ᠤᠨ ᠬᠤᠭᠤᠴᠠᠭᠠᠨ ᠳᠤ ︽ᠰᠤᠯᠠ ᠬᠠᠳᠠᠭᠠᠯᠠᠵᠤ ᠪᠦᠬᠦᠯᠢ ᠪᠠᠷ ᠠᠪᠬᠤ︾᠂ | ᠪᠣᠷᠣᠭᠠᠨ ᠤ ᠪᠣᠬᠢᠷᠲᠤᠯ ᠤᠨ ᠬᠤᠭᠤᠯᠠᠢ ᠶᠢᠨ ᠲᠣᠣᠷ ᠢ ᠬᠤᠯᠢᠯᠳᠤᠭᠤᠯᠤᠨ ᠵᠠᠯᠭᠠᠬᠤ ᠪᠠ ᠪᠤᠷᠤᠭᠤ ᠵᠠᠯᠭᠠᠬᠤ ᠵᠡᠷᠭᠡ | ᠠᠰᠠᠭᠤᠳᠠᠯ ᠢ ᠮᠥᠨ ᠯᠡ ᠲᠤᠶᠢᠯᠪᠤᠷᠢᠲᠠᠢ ᠰᠢᠢᠳᠪᠦᠷᠢᠯᠡᠭᠡᠳᠦᠢ ᠪᠠᠶᠢᠵᠤ᠂ ᠬᠡᠰᠡᠭ ᠣᠭᠲᠣᠯᠣᠭᠠᠰᠤ ᠶᠢᠨ ᠣᠨᠴᠠ ᠵᠠᠷᠢᠮ | ᠰᠠᠷ᠎ᠠ ᠳᠤ ᠪᠠᠰᠠ ᠲᠣᠭᠲᠠᠪᠤᠷᠢᠲᠠᠢ ᠪᠠᠷᠢᠮᠵᠢᠶ᠎ᠠ ᠳᠤ ᠬᠦᠷᠭᠡᠵᠦ ᠳᠡᠶᠢᠯᠬᠦ ᠦᠭᠡᠢ ᠪᠠᠶᠢᠨ᠎ᠠ᠃ ᠭᠤᠷᠪᠠ ᠳᠤ | ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠡᠭᠦᠷᠭᠡ ᠬᠠᠲᠠᠭᠤ ᠪᠡᠷᠬᠡ ᠪᠠᠶᠢᠨ᠎ᠠ᠃ | ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠶᠢᠴᠠᠭᠠᠬᠤ᠂ ᠦᠨᠡᠯᠡᠨ ᠵᠢᠱᠢᠬᠦ ᠪᠠ ᠬᠢᠨᠠᠨ ᠬᠡᠮᠵᠢᠬᠦ ᠰᠢᠰᠲ᠋ᠧᠮ | ᠲᠡᠭᠦᠯᠳᠡᠷᠵᠢᠭᠡᠳᠦᠢ᠂ ᠡᠰᠢ ᠰᠦᠷᠡᠯ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠮᠠᠯ ᠵᠢᠭᠦᠷᠲᠡᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠠᠵᠢᠯ ᠢ ᠮᠥᠨ ᠯᠡ ᠬᠦᠴᠦᠯᠡᠬᠦ ᠴᠢᠬᠤᠯᠠᠲᠠᠢ ᠪᠠᠶᠢᠨ᠎ᠠ᠃ | | | ᠲᠠᠷᠠᠭᠠᠴᠢ ᠶᠢᠨ ᠠᠯᠬᠤᠮ ᠳᠤ ᠭᠤᠣᠯᠳᠠᠭᠤ ᠳᠣᠣᠷᠠᠬᠢ ᠭᠤᠷᠪᠠᠨ ᠲᠠᠯ᠎ᠠ ᠠᠴᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠤᠨ᠎ᠠ᠃ | ᠨᠢᠭᠡ ᠳᠤ᠂ ᠬᠤᠯᠠ ᠣᠶᠢᠷ᠎ᠠ ᠶᠢ ᠤᠶᠠᠯᠳᠤᠭᠤᠯᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ | ᠠᠷᠭ᠎ᠠ ᠵᠠᠮ ᠢ ᠰᠦᠪᠡᠭᠴᠢᠯᠡᠨ᠎ᠡ᠃ ︽ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ | ᠲᠥᠯᠥᠪᠯᠡᠭᠡ︾ ᠶᠢ ᠨᠠᠶᠢᠳᠠᠪᠤᠷᠢᠵᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠪᠠᠭᠠᠰᠬᠠᠬᠤ ᠪᠠ ᠠᠷᠠᠳ | ᠣᠯᠠᠨ ᠤ ᠳᠡᠷᠭᠡᠳᠡᠬᠢ ᠠᠭᠠᠷ ᠮᠠᠨᠳᠠᠯ ᠤᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ | ᠭᠤᠣᠯᠳᠠᠯᠭ᠎ᠠ ᠪᠣᠯᠭᠠᠵᠤ᠂ ᠵᠢᠵᠢᠭ ᠮᠥᠬᠦᠯᠢᠭᠲᠦ ᠪᠣᠳᠠᠰ ︵PM2.5︶ ᠤᠨ ᠥᠳᠬᠡᠴᠡ ᠶᠢ ᠪᠠᠭᠤᠷᠠᠭᠤᠯᠬᠤ ᠪᠠᠷ | ᠭᠤᠣᠯ ᠱᠤᠭᠤᠮ ᠪᠣᠯᠭᠠᠨ᠂ ᠠᠽᠣᠲ ᠤᠨ ᠢᠰᠦᠮᠡᠭ ᠪᠣᠯᠣᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ | ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠠᠵᠤ ᠦᠢᠯᠡᠰ᠂ ᠡᠨᠧᠷᠭᠢ᠂ ᠵᠠᠮ | ᠬᠠᠷᠢᠯᠴᠠᠭᠠᠨ ᠤ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠡᠯᠪᠡᠷᠢ ᠶᠢᠨ ᠬᠤᠪᠢᠷᠠᠭᠤᠯᠤᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠡᠬᠢᠲᠦ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠪᠤᠢ ᠪᠣᠯᠭᠠᠨ᠎ᠠ᠃ | ᠬᠤᠶᠠᠷ ᠲᠤ ᠭᠤᠣᠯᠳᠠᠯᠭ᠎ᠠ ᠲᠠᠢ ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ | ᠪᠠᠷᠢᠮᠵᠢᠶ᠎ᠠ ᠳᠤ ᠬᠦᠷᠭᠡᠬᠦ ᠪᠠᠲᠤᠯᠠᠭ᠎ᠠ ᠶᠢ ᠦᠨᠡᠨ ᠬᠦ ᠴᠢᠩᠭᠠᠳᠬᠠᠨ᠎ᠠ᠃ ︽ᠬᠥᠬᠡᠬᠤᠲᠠ ᠶᠢᠨ ᠭᠤᠣᠯᠳᠠᠯᠭ᠎ᠠ ᠲᠠᠢ | ᠣᠭᠲᠣᠯᠣᠭᠠᠰᠤ ᠶᠢᠨ ᠤᠰᠤᠨ ᠤ ᠴᠢᠨᠠᠷ ᠢ ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠦᠭᠦᠯᠬᠦ ᠶᠢ ᠪᠠᠲᠤᠯᠠᠬᠤ | ᠲᠥᠰᠥᠯ ︵2023 - 2025︶︾ ᠢ ᠴᠢᠩᠭ᠎ᠠ ᠨᠠᠶᠢᠳᠠᠪᠤᠷᠢᠵᠢᠭᠤᠯᠵᠤ᠂ ᠣᠭᠲᠣᠯᠣᠭᠠᠰᠤ ᠶᠢᠨ ᠤᠰᠤᠨ ᠤ ᠴᠢᠨᠠᠷ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠶᠡᠷ ᠤᠨ | ᠬᠤᠭᠤᠴᠠᠭᠠᠨ ᠤ ᠪᠣᠬᠢᠷᠲᠤᠯ ᠤᠨ ᠬᠦᠴᠦᠯᠡᠴᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠬᠠᠲᠤᠨ ᠭᠤᠣᠯ ᠤᠨ | ᠰᠠᠪᠠ ᠭᠠᠵᠠᠷ ᠤᠨ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ ᠠᠮᠠᠰᠠᠷ ᠤᠨ ︽ᠨᠢᠭᠡ ᠠᠮᠠᠰᠠᠷ ᠨᠢᠭᠡ ᠠᠷᠭ᠎ᠠ︾ | ᠪᠠᠷ ᠲᠥᠷᠥᠯ ᠬᠤᠪᠢᠶᠠᠨ ᠴᠡᠭᠴᠡᠯᠡᠨ ᠵᠠᠰᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ | ᠪᠣᠬᠢᠷᠲᠤᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠣᠭᠲᠣᠯᠣᠭᠠᠰᠤ ᠶᠢᠨ ᠤᠰᠤᠨ ᠤ ᠴᠢᠨᠠᠷ ᠢ | ᠲᠣᠭᠲᠠᠪᠤᠷᠢᠵᠢᠭᠤᠯᠤᠨ ᠪᠠᠷᠢᠮᠵᠢᠶ᠎ᠠ ᠳᠤ ᠬᠦᠷᠦᠭᠦᠯᠬᠦ ᠶᠢ ᠠᠬᠢᠭᠤᠯᠤᠨ᠎ᠠ᠃ | ᠭᠤᠷᠪᠠ ᠳᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ | ᠲᠦᠯᠬᠢᠨ ᠠᠬᠢᠭᠤᠯᠤᠨ᠎ᠠ᠃ ᠬᠤᠷᠢᠨᠭᠡᠷ ᠰᠢᠶᠠᠨ ᠤ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠬᠢᠨᠠᠨ ᠬᠡᠮᠵᠢᠵᠦ | ᠦᠨᠡᠯᠡᠨ ᠵᠢᠱᠢᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠬᠢᠨᠠᠨ ᠬᠡᠮᠵᠢᠬᠦ ᠲᠣᠣᠷ | ᠰᠦᠯᠵᠢᠶ᠎ᠡ ᠪᠠ ᠪᠣᠬᠢᠷᠲᠤᠯ ᠢ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ | ᠬᠢᠮᠢ ᠶᠢᠨ ᠪᠣᠷᠳᠣᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠤᠨ ᠬᠡᠮᠵᠢᠶ᠎ᠡ ᠶᠢ | ᠪᠠᠭᠠᠰᠬᠠᠨ ᠬᠥᠨᠥᠭᠡᠯ ᠢ ᠬᠢᠵᠠᠭᠠᠷᠯᠠᠬᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠲᠦᠯᠬᠢᠨ ᠠᠬᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠲᠠᠷᠢᠶᠠᠯᠠᠩ ᠤᠨ ᠵᠤᠯᠤᠮ᠎ᠠ | ᠪᠦᠷᠬᠦᠪᠴᠢ ᠵᠢᠴᠢ ᠬᠢᠮᠢ ᠶᠢᠨ ᠪᠣᠷᠳᠣᠭᠤᠷ᠂ ᠲᠠᠷᠢᠶᠠᠨ ᠡᠮ ᠤᠨ ᠪᠣᠭᠤᠳᠠᠯ ᠤᠨ ᠬᠠᠶᠠᠭᠳᠠᠮᠠᠯ ᠪᠣᠳᠠᠰ ᠢ ᠬᠤᠷᠢᠶᠠᠨ | ᠠᠪᠴᠤ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | | | 10. ᠬᠥᠲᠥᠯᠥᠭᠴᠢ | ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠄ ︽ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ | ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠴᠢᠬᠤᠯᠠᠲᠠᠢ ︿ᠤᠯᠤᠰ ᠤᠨ ᠶᠡᠭᠡ ᠶᠠᠪᠤᠳᠠᠯ﹀ ᠮᠥᠨ︾᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠲᠠᠯ᠎ᠠ ᠪᠠᠷ ᠪᠢᠳᠡᠨ ᠳᠤ ᠶᠠᠮᠠᠷ ᠶᠠᠮᠠᠷ ᠰᠢᠨ᠎ᠡ ᠰᠡᠳᠬᠢᠴᠡ | ᠪᠠ ᠠᠷᠭ᠎ᠠ ᠬᠡᠮᠵᠢᠶ᠎ᠡ ᠪᠠᠶᠢᠬᠤ ᠪᠣᠶ︖ | | | 11. ᠵᠣᠴᠢᠨ / ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ | ᠲᠦᠷᠦᠭᠦᠬᠡᠨ ᠬᠤᠷᠠᠯᠳᠤᠭᠰᠠᠨ ᠪᠦᠬᠦ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠵᠢᠴᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠬᠤ ᠠᠵᠢᠯ ᠤᠨ ᠬᠤᠷᠠᠯ ᠠᠴᠠ ᠵᠢᠭᠠᠨ ᠭᠠᠷᠭᠠᠭᠰᠠᠨ | ᠨᠢ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ︽ᠶᠡᠭᠡ ᠠᠮᠢ | ᠠᠬᠤᠢ︾ ᠲᠡᠶᠢᠰᠢ ᠬᠡᠯᠪᠡᠷᠢ ᠪᠠᠨ ᠬᠤᠪᠢᠷᠠᠭᠤᠯᠤᠨ ᠵᠡᠷᠭᠡ ᠲᠡᠰ ᠳᠡᠪᠰᠢᠭᠦᠯᠬᠦ ᠶᠢ ᠲᠦᠷᠭᠡᠨ ᠪᠡᠶᠡᠯᠡᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠬᠢᠨ ᠮᠠᠨ ᠤ ᠤᠯᠤᠰ ᠤᠨ ᠤᠮᠠᠷᠠᠲᠤ ᠶᠢᠨ ᠴᠢᠬᠤᠯᠠ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠲᠦᠷᠦᠭᠦᠯᠡᠨ ᠶᠡᠷᠦᠩᠬᠡᠶᠢᠯᠡᠨ ᠠᠳᠬᠤᠬᠤ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ᠃ ᠵᠠᠯᠭᠠᠭᠠᠳ | ᠪᠢᠳᠡ ︽ᠵᠢᠷᠭᠤᠭ᠎ᠠ ᠶᠢ ᠨᠢᠭᠡᠳᠦᠯᠲᠡᠢ ᠲᠥᠯᠥᠪᠵᠢᠭᠦᠯᠬᠦ︾ ᠪᠠᠷ ᠭᠠᠷᠳᠠᠴᠠ ᠪᠣᠯᠭᠠᠵᠤ᠂ ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢ | ᠪᠦᠬᠦ ᠲᠠᠯ᠎ᠠ ᠪᠠᠷ ᠠᠬᠢᠭᠤᠯᠤᠨ᠎ᠠ᠃ | ᠨᠢᠭᠡ ᠳᠤ ᠵᠣᠬᠢᠶᠠᠨ ᠪᠠᠶᠢᠭᠤᠯᠵᠤ ᠵᠣᠬᠢᠴᠠᠭᠤᠯᠬᠤ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠬᠤ | ᠬᠡᠷᠡᠭᠲᠡᠢ᠃ ᠲᠤᠰᠬᠠᠢ ᠵᠦᠢᠯ ᠤᠨ ᠳᠤᠭᠤᠶᠢᠯᠠᠩ ᠤᠨ ᠠᠵᠢᠯ ᠢ ᠠᠬᠢᠭᠤᠯᠬᠤ ᠲᠣᠭᠲᠠᠴᠠ ᠪᠠ ᠠᠯᠪᠠᠨ ᠭᠡᠷ ᠤᠨ ᠬᠡᠷᠡᠭ | ᠵᠥᠪᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠢᠨᠵᠧᠨᠧᠷᠢᠩ ᠢ ᠵᠣᠯᠭᠠᠭᠤᠯᠤᠨ ᠨᠠᠶᠢᠳᠠᠪᠤᠷᠢᠵᠢᠭᠤᠯᠵᠤ᠂ ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ | ᠬᠠᠭᠤᠳᠠᠰᠤ ᠶᠢ ᠲᠣᠭᠲᠠᠭᠠᠨ᠂ ᠰᠠᠷ᠎ᠠ ᠪᠠᠷ ᠲᠣᠬᠢᠷᠠᠭᠤᠯᠬᠤ᠂ ᠤᠯᠠᠷᠢᠯ ᠢᠶᠠᠷ ᠮᠡᠳᠡᠭᠡᠯᠡᠬᠦ᠂ ᠣᠨ ᠢᠶᠠᠷ ᠳ᠋ᠦᠩᠨᠡᠬᠦ ᠶᠢ | ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠤᠨ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ | ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠳᠢᠭᠯᠡᠵᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ | ᠭᠦᠢᠴᠡᠳᠬᠡᠬᠦ ᠶᠢ ᠴᠢᠩᠭᠠᠳᠬᠠᠨ᠂ ᠴᠠᠭ ᠲᠤᠬᠠᠢ ᠳᠤᠨᠢ ᠬᠤᠷᠠᠯ ᠬᠤᠷᠠᠯᠳᠤᠭᠤᠯᠵᠤ ᠲᠣᠪᠣᠶᠢᠮ᠎ᠠ ᠠᠰᠠᠭᠤᠳᠠᠯ ᠢ | ᠰᠤᠳᠤᠯᠤᠨ ᠰᠢᠢᠳᠪᠦᠷᠢᠯᠡᠵᠦ᠂ ᠠᠵᠢᠯ ᠢ ᠣᠷᠭᠠᠨᠢᠭ ᠢᠶᠠᠷ ᠵᠣᠯᠭᠠᠭᠤᠯᠬᠤ᠂ ᠡᠭᠦᠷᠭᠡ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠣᠷᠣᠨ ᠤ | ᠲᠥᠪ ᠬᠤᠲᠠ ᠶᠢ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠱᠠᠲᠤ | ᠦᠶ᠎ᠡ ᠶᠢᠨ ᠬᠠᠷᠠᠯᠲᠠ ᠶᠢ ᠳᠤᠷᠠᠳᠴᠤ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠣᠳᠣᠷᠬᠠᠶᠢᠯᠠᠬᠤ ᠬᠡᠷᠡᠭᠲᠡᠢ᠃ | ᠬᠤᠶᠠᠷ ᠲᠤ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠬᠤ | ᠬᠡᠷᠡᠭᠲᠡᠢ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠠᠵᠢᠯ ᠤᠨ | ᠵᠥᠪᠯᠡᠯ᠂ ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ | ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ︽ | ᠬᠥᠬᠡᠬᠤᠲᠠ ᠶᠢᠨ ᠬᠠᠶᠠᠭᠳᠠᠮᠠᠯ ᠢᠳᠡᠭᠡᠨ ᠤ ᠲᠣᠰᠣᠨ ᠤ ᠬᠠᠮᠢᠶᠠᠷᠤᠯᠲᠠ ᠶᠢᠨ ᠳᠦᠷᠢᠮ︾ ᠢ ᠬᠦᠴᠦᠨ ᠦᠭᠡᠢ | ᠪᠣᠯᠭᠠᠵᠤ᠂ ︽ᠬᠥᠬᠡᠬᠤᠲᠠ ᠶᠢᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾ ᠳᠤ ᠵᠠᠰᠠᠪᠤᠷᠢ | ᠣᠷᠣᠭᠤᠯᠵᠤ᠂ ᠨᠤᠨᠳᠠᠭ ᠨᠡᠭᠦᠷᠡᠰᠦᠨ ᠤ ᠦᠨᠡᠰᠦ ᠶᠢ ᠠᠰᠢᠭᠯᠠᠨ ᠬᠥᠷᠥᠰᠥ ᠰᠢᠷᠣᠢ ᠢᠳᠡᠭᠳᠡᠭᠰᠡᠨ ᠭᠤᠤ ᠭᠠᠩᠭ᠎ᠠ ᠶᠢᠨ | ᠠᠮᠢ ᠠᠬᠤᠢ ᠶᠢ ᠰᠡᠷᠭᠦᠭᠡᠬᠦ ᠮᠡᠷᠭᠡᠵᠢᠯ ᠤᠨ ᠵᠢᠷᠤᠮᠵᠢᠯ ᠢ ᠲᠣᠭᠲᠠᠭᠠᠨ ᠬᠡᠷᠡᠭᠵᠢᠭᠦᠯᠵᠦ᠂ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠬᠠᠤᠯᠢᠵᠢᠯ ᠤᠨ ᠰᠢᠰᠲ᠋ᠧᠮᠵᠢ ᠶᠢ ᠪᠦᠷᠢᠨᠰᠢᠭᠦᠯᠬᠦ | ᠬᠡᠷᠡᠭᠲᠡᠢ᠃ | ᠭᠤᠷᠪᠠ ᠳᠤ ᠬᠢᠨᠠᠨ ᠬᠡᠮᠵᠢᠵᠦ ᠦᠨᠡᠯᠡᠨ ᠵᠢᠱᠢᠬᠦ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠬᠤ ᠬᠡᠷᠡᠭᠲᠡᠢ᠃ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠨᠠᠨ ᠬᠡᠮᠵᠢᠬᠦ ᠬᠤᠯᠪᠤᠭᠠᠯᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠶᠢ | ᠴᠢᠩᠭᠠᠳᠬᠠᠵᠤ᠂ ᠲᠣᠮᠣ ᠳ᠋ᠠᠶᠢᠲ᠋ᠠ ᠶᠢᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ | ᠵᠣᠯᠭᠠᠭᠤᠯᠬᠤ ᠶᠢ ᠴᠢᠩᠭᠠᠳᠬᠠᠨ᠂ ᠳ᠋ᠠᠶᠢᠲ᠋ᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤᠪᠠᠷ ᠭᠥᠷᠳᠡᠬᠦ ᠪᠠ | ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠲᠦᠷᠭᠡᠳᠬᠡᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ | ᠬᠢᠨᠠᠨ ᠬᠡᠮᠵᠢᠬᠦ ᠲᠥᠰᠥᠯ ᠢ ᠲᠣᠭᠲᠠᠭᠠᠵᠤ᠂ ᠣᠷᠴᠢᠨ ᠲᠣᠭᠤᠷᠢᠨ ᠤ ᠶᠠᠰᠤ ᠴᠢᠨᠠᠷ᠂ ᠪᠣᠬᠢᠷᠲᠤᠯ ᠤᠨ ᠡᠬᠢ᠂ | ᠪᠠᠶᠢᠭᠠᠯᠢ ᠶᠢᠨ ᠠᠮᠢ ᠠᠬᠤᠢ ᠶᠢᠨ ᠪᠠᠶᠢᠳᠠᠯ ᠵᠡᠷᠭᠡ ᠬᠦᠴᠦᠨ ᠵᠦᠢᠯ ᠢ ᠬᠠᠮᠤᠷᠤᠭᠰᠠᠨ ︽ᠣᠭᠲᠠᠷᠭᠤᠢ ᠭᠠᠵᠠᠷ︾ ᠢ | ᠨᠢᠭᠡ ᠴᠣᠭᠴᠠᠵᠢᠭᠤᠯᠬᠤ᠂ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠲᠣᠣᠷ ᠰᠦᠯᠵᠢᠶ᠎ᠡ ᠶᠢ | ᠨᠠᠷᠢᠯᠢᠭᠵᠢᠭᠤᠯᠬᠤ ᠬᠡᠷᠡᠭᠲᠡᠢ᠃ | ᠳᠥᠷᠪᠡ ᠳᠤ ᠬᠢᠨᠠᠯᠲᠠ ᠲᠠᠯᠪᠢᠬᠤ ᠰᠢᠰᠲ᠋ᠧᠮ ᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠬᠤ ᠬᠡᠷᠡᠭᠲᠡᠢ᠃ | ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠠᠢ ᠵᠣᠯᠭᠠᠭᠤᠯᠬᠤ ᠶᠢ | ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ | ᠠᠵᠢᠯ ᠢ ᠬᠢᠨᠠᠯᠲᠠ ᠲᠠᠯᠪᠢᠬᠤ ᠶᠢ ᠨᠡᠪᠲᠡᠷᠡᠭᠦᠯᠬᠦ ᠲᠠᠪᠴᠠᠩ ᠪᠠ ᠬᠤᠳᠠ ᠶᠢᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠳᠤ ᠣᠷᠣᠭᠤᠯᠤᠨ᠎ᠠ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ | ᠲᠦᠷᠦ ᠶᠢᠨ ᠵᠥᠪᠯᠡᠯᠭᠡᠨ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠮᠡᠳᠡᠭᠦᠯᠵᠦ᠂ ᠠᠮᠢ ᠠᠬᠤᠢ ᠶᠢᠨ ᠣᠷᠴᠢᠨ | ᠲᠣᠭᠤᠷᠢᠨ ᠤ ᠬᠦᠷᠢᠶᠡᠨ ᠳᠠᠬᠢ ᠬᠠᠤᠯᠢ ᠲᠣᠭᠲᠠᠭᠠᠬᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠤᠯᠤᠰ | ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠴᠢᠩᠭᠠᠳᠬᠠᠨ᠎ᠠ᠃ ᠬᠤᠳᠠ ᠶᠢᠨ ᠰᠢᠭᠦᠬᠦ ᠬᠤᠷᠢᠶ᠎ᠠ᠂ | ᠪᠠᠶᠢᠴᠠᠭᠠᠬᠤ ᠬᠤᠷᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ | ᠬᠠᠷᠢᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠬᠢᠭᠡᠳ ᠡᠷᠡᠭᠦᠦ ᠶᠢᠨ ᠬᠡᠷᠡᠭ ᠤᠨ ᠬᠠᠤᠯᠢ ᠪᠠᠷᠢᠯᠲᠠ ᠶᠢᠨ ᠨᠢᠭᠲᠠ ᠠᠪᠴᠠᠯᠳᠤᠨ ᠬᠠᠮᠵᠢᠯᠴᠠᠬᠤ ᠶᠢ | ᠲᠦᠯᠬᠢᠨ ᠠᠬᠢᠭᠤᠯᠵᠤ᠂ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠵᠢᠯᠴᠠᠨ ᠠᠮᠢ ᠠᠬᠤᠢ ᠶᠢᠨ ᠣᠷᠴᠢᠨ ᠲᠣᠭᠤᠷᠢᠨ ᠤ | ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠰᠠᠶᠢᠲᠤᠷ ᠬᠢᠬᠦ ᠬᠡᠷᠡᠭᠲᠡᠢ᠃ ᠡᠯ᠎ᠡ ᠲᠥᠷᠥᠯ ᠤᠨ ᠬᠢᠨᠠᠯᠲᠠ | ᠲᠠᠯᠪᠢᠯᠲᠠ ᠶᠢ ᠠᠭᠤᠰᠤᠯᠴᠠᠭᠤᠯᠤᠭᠰᠠᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠦᠲᠦᠭᠡᠨ | ᠪᠠᠶᠢᠭᠤᠯᠤᠯᠲᠠ ᠶᠢᠨ ᠬᠢᠨᠠᠯᠲᠠ ᠲᠠᠯᠪᠢᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠡᠯ᠎ᠡ ᠲᠥᠷᠥᠯ ᠤᠨ ᠬᠢᠨᠠᠯᠲᠠ | ᠲᠠᠯᠪᠢᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠶᠢ ᠠᠬᠢᠭᠤᠯᠤᠨ᠂ ᠨᠡᠶᠢᠯᠡᠮᠡᠯ ᠬᠦᠴᠦᠨ ᠢ ᠪᠣᠶ ᠪᠤᠯᠭᠠᠬᠤ ᠬᠡᠷᠡᠭᠲᠡᠢ᠃ | | ᠲᠠᠪᠤ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠯᠡᠬᠦ ᠶᠢ | ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠲᠣᠭᠤᠷᠢᠨ ᠤ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ | ᠪᠦᠲᠦᠭᠡᠯ ᠢ ᠤᠯᠠᠷᠢᠭᠤᠯᠬᠤ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠵᠡᠷᠭᠡ ᠠᠵᠢᠯ ᠢ ᠢᠳᠡᠪᠬᠢᠲᠡᠢ ᠪᠠᠷ ᠠᠬᠢᠭᠤᠯᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ ᠢᠨᠵᠧᠨᠧᠷᠢᠩ ᠢ ᠭᠦᠨᠵᠡᠭᠡᠢ ᠨᠠᠶᠢᠳᠠᠪᠤᠷᠢᠵᠢᠭᠤᠯᠤᠨ᠂ | ᠠᠰᠠᠭᠤᠳᠠᠯ ᠪᠠ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠳᠦᠯᠲᠡᠢ | ᠲᠥᠯᠥᠪᠯᠡᠨ᠂ ᠰᠠᠯᠠᠭ᠎ᠠ ᠮᠥᠴᠢᠷ ᠢ ᠵᠣᠬᠢᠴᠠᠭᠤᠯᠵᠤ᠂ ᠬᠦᠴᠦᠨ ᠢᠶᠠᠨ ᠡᠮᠬᠢᠯᠡᠨ ᠨᠡᠶᠢᠯᠡᠭᠦᠯᠵᠦ᠂ ᠲᠠᠪᠴᠠᠩ ᠪᠠᠶᠢᠭᠤᠯᠤᠨ᠂ | ᠲᠤᠰᠬᠠᠢ ᠵᠦᠢᠯ ᠤᠨ ᠪᠡᠯᠡ ᠮᠥᠩᠭᠦ ᠶᠢᠨ ᠲᠥᠷᠥᠯ ᠵᠦᠢᠯ ᠤᠨ ᠬᠥᠮᠥᠷᠭᠡ ᠶᠢ ᠨᠠᠷᠢᠨ ᠬᠢᠨᠠᠮᠠᠭᠠᠢ ᠤᠬᠠᠭᠠᠯᠠᠨ | ᠲᠥᠯᠥᠪᠯᠡᠵᠦ᠂ ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ | ᠬᠡᠷᠡᠭᠵᠢᠭᠦᠯᠦᠨ᠂ ᠠᠮᠢ ᠠᠬᠤᠢ ᠶᠢᠨ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ | ᠪᠠᠲᠤᠯᠠᠭ᠎ᠠ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | ᠵᠢᠷᠭᠤᠭ᠎ᠠ ᠳᠤ ᠭᠠᠳᠠᠭᠠᠳᠤ ᠲᠠᠢ ᠬᠠᠮᠲᠤᠷᠠᠨ ᠠᠵᠢᠯᠯᠠᠬᠤ ᠶᠢ ᠨᠢᠭᠡᠳᠦᠯᠲᠡᠢ ᠲᠥᠯᠥᠪᠯᠡᠬᠦ ᠶᠢ ᠴᠢᠩᠭᠠᠳᠬᠠᠬᠤ | ᠬᠡᠷᠡᠭᠲᠡᠢ᠃ ᠬᠥᠷᠰᠢ ᠵᠡᠷᠭᠡᠯᠡᠳᠡᠭᠡ ᠠᠶᠢᠮᠠᠭ ᠬᠤᠲᠠ᠂ ᠮᠤᠵᠢ ᠣᠷᠣᠨ ᠯᠤᠭ᠎ᠠ ᠶᠢᠨ ᠠᠮᠢ ᠠᠬᠤᠢ ᠶᠢᠨ ᠣᠷᠴᠢᠨ | ᠲᠣᠭᠤᠷᠢᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ | ᠲᠣᠭᠤᠷᠢᠨ ᠤ ᠬᠦᠷᠢᠶ᠎ᠡ ᠴᠠᠷᠠᠭ᠎ᠠ ᠶᠢᠨ ᠮᠡᠷᠭᠡᠵᠢᠯ ᠪᠠ ᠲᠥᠷᠥᠯ ᠵᠦᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠥᠷᠭᠡᠳᠬᠡᠨ᠂ ᠬᠠᠮᠲᠤᠷᠠᠯᠴᠠᠬᠤ ᠲᠥᠰᠥᠯ᠂ ᠭᠠᠳᠠᠭᠠᠳᠤ ᠳᠤ ᠠᠶᠢᠯᠴᠢᠯᠠᠬᠤ ᠲᠥᠯᠥᠪᠯᠡᠭᠡ ᠶᠢ ᠲᠦᠷᠭᠡᠬᠡᠨ ᠲᠣᠭᠲᠠᠭᠠᠬᠤ | ᠬᠡᠷᠡᠭᠲᠡᠢ᠃ | | | 12. ᠬᠠᠮᠢᠶᠠᠷᠤᠭᠴᠢ | ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢ ᠶᠦᠩ ᠱᠧᠩ᠂ ᠠᠯᠪᠠᠨ ᠭᠡᠷ ᠤᠨ ᠡᠷᠬᠢᠯᠡᠭᠴᠢ | ᠼᠤᠤ ᠬᠤᠢ᠂ ᠶᠡᠷᠦᠩᠬᠡᠶᠢᠯᠡᠭᠰᠡᠨ ᠪᠠᠲᠤᠯᠠᠭ᠎ᠠ ᠶᠢᠨ ᠶᠢᠨ ᠲᠥᠪ ᠤᠨ ᠮᠠ ᠹᠠ ᠺᠦᠨ ᠡᠷᠬᠢᠯᠡᠭᠴᠢ ᠳᠤ ᠲᠠᠯᠠᠷᠬᠠᠵᠤ | ᠪᠠᠶᠢᠨ᠎ᠠ᠂ ᠰᠦᠯᠵᠢᠶᠡᠨ ᠤ ᠠᠨᠳᠠ ᠨᠠᠷ ᠤᠨ ᠠᠩᠬᠠᠷᠤᠯ ᠲᠠᠯᠪᠢᠵᠤ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠤᠰ | ᠬᠤᠭᠤᠴᠠᠭᠠᠨ ᠤ ᠰᠣᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠵᠤ ᠪᠠᠶᠢᠨ᠎ᠠ᠃ | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |