︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠠᠵᠤ ᠠᠬᠤᠶᠢᠯᠠᠯ ᠰᠢᠨ᠎ᠡ ᠪᠠᠷ ᠤᠷᠢᠭᠳᠠᠨ ᠢᠷᠡᠵᠦ ᠰᠤᠳᠤᠯᠬᠤ ᠰᠤᠷᠤᠭᠴᠢ ᠶᠢᠨ ᠨᠢᠭᠡ ᠤᠳᠠᠭ᠎ᠠ ᠶᠢᠨ ᠴᠢᠨᠠᠷᠲᠠᠢ ᠴᠢᠳᠠᠪᠤᠷᠢᠲᠠᠨ ᠤ ᠱᠠᠩᠨᠠᠯ
ᠨᠡᠶᠢᠲᠡᠯᠡᠭᠰᠡᠨ ᠴᠠᠭ᠄
2024/2/29
       ᠬᠥᠬᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽ᠴᠢᠳᠠᠪᠤᠷᠢᠲᠠᠨ ᠢ ᠲᠠᠲᠠᠬᠤ ᠲᠥᠷᠥ ᠶᠢᠨ ᠪᠣᠳᠣᠯᠭ᠎ᠠ ᠶᠢᠨ 10 ᠵᠤᠷᠪᠤᠰ ᠴᠢᠳᠠᠪᠤᠷᠢᠲᠠᠨ ᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠡᠮᠵᠢᠬᠦ ᠢᠵᠢ ᠪᠦᠷᠢᠳᠦᠭᠦᠯᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ ᠢᠨᠵᠧᠨᠧᠷᠢᠩ︾ ᠢ ᠭᠦᠨᠵᠡᠭᠡᠢ ᠠᠬᠢᠭᠤᠯᠵᠤ᠂ ᠨᠡᠩ ᠣᠯᠠᠨ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ ᠵᠡᠷᠭᠡ ᠵᠠᠯᠠᠭᠤ ᠴᠢᠳᠠᠪᠤᠷᠢᠲᠠᠨ ᠤ ᠬᠥᠬᠡᠬᠤᠲᠠ ᠳᠤ ᠠᠵᠢᠯ ᠣᠯᠵᠤ ᠦᠢᠯᠡᠰ ᠪᠣᠰᠬᠠᠬᠤ  ᠶᠢ ᠲᠠᠲᠠᠵᠤ᠂ ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ︾ ᠤᠨ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠭᠰᠠᠨ ᠠᠰᠫᠢᠷᠠᠨᠲ ᠤᠨ ᠨᠢᠭᠡ ᠯᠡ ᠤᠳᠠᠭ᠎ᠠ ᠶᠢᠨ ᠴᠢᠨᠠᠷᠲᠠᠢ ᠴᠢᠳᠠᠪᠤᠷᠢᠲᠠᠨ ᠤ ᠱᠠᠩᠨᠠᠯ ᠪᠥᠬᠦ ᠬᠤᠲᠠ ᠶᠢᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ᠂ ᠴᠡᠪᠡᠷ ᠡᠨᠧᠷᠭᠢ᠂ ᠣᠳᠣᠬᠢᠴᠢᠯᠠᠭᠰᠠᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠪᠠ ᠣᠲᠣ ᠦᠶ᠎ᠡ ᠶᠢᠨ ᠲᠣᠨᠤᠭ ᠲᠥᠬᠦᠭᠡᠷᠦᠮᠵᠢ ᠦᠢᠯᠡᠳᠬᠦ᠂ ᠠᠮᠢᠳᠤ ᠪᠣᠳᠠᠰ ᠤᠨ ᠡᠮ ᠡᠮᠨᠡᠯᠭᠡ ᠂ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠤᠨ ᠲᠣᠭᠲᠠᠭᠠᠯ ᠳᠡᠭᠡᠷᠡᠬᠢ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠨ ᠠᠪᠴᠢᠷᠠᠭᠰᠠᠨ ᠴᠢᠳᠠᠪᠤᠷᠢᠲᠠᠨ ᠨᠢ᠂ ᠠᠵᠤ ᠠᠬᠤᠶᠢᠯᠠᠯ ᠯᠤᠭ᠎ᠠ ᠬᠠᠤᠯᠢ ᠶᠣᠰᠣᠭᠠᠷ 5 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠤᠰᠢᠶᠠᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠭᠤᠶᠤᠴᠢᠯᠠᠵᠤ ᠪᠣᠯᠣᠨ᠎ᠠ᠃          ᠡᠳᠦᠭᠡ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠠᠵᠢᠯᠲᠠᠨ ᠤ ᠨᠡᠷᠡᠰ ᠢ ᠳᠣᠣᠷᠠᠬᠢ ᠮᠡᠲᠦ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠵᠠᠷᠯᠠᠨ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ︵2024 ᠣᠨ ᠤ 2 ᠳ᠋ᠤᠭᠠᠷ ᠰᠠᠷ᠎ᠠ ᠶᠢᠨ 28 ᠤ ᠡᠳᠦᠷ ᠠᠴᠠ 3 ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ︶ ᠪᠣᠯᠣᠨ᠎ᠠ᠂ ᠵᠠᠷᠯᠠᠨ ᠨᠡᠶᠢᠲᠡᠯᠡᠬᠦ ᠬᠤᠭᠤᠴᠠᠭᠠᠨ ᠳᠤ ᠬᠡᠷᠪᠡ ᠵᠠᠷᠯᠠᠨ ᠨᠡᠶᠢᠲᠡᠯᠡᠭᠰᠡᠨ ᠠᠭᠤᠯᠭ᠎ᠠ ᠨᠢ ᠪᠣᠳᠠᠲᠤ ᠪᠠᠶᠢᠳᠠᠯ ᠲᠠᠢ ᠪᠠᠨ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ᠂ ᠰᠠᠶᠢᠬᠠᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠲᠤ ᠢᠯᠡᠴᠢᠯᠡᠨ ᠮᠡᠳᠡᠭᠦᠯᠵᠦ ᠪᠣᠯᠣᠨ᠎ᠠ᠃      ᠢᠯᠡᠴᠢᠯᠡᠨ ᠮᠡᠳᠡᠭᠦᠯᠬᠦ ᠤᠲᠠᠰᠤ᠄ 0471-3916446      ᠬᠠᠷᠢᠯᠴᠠᠬᠤ ᠬᠥᠮᠥᠨ᠄ ᠳ᠋ᠤᠸᠠᠨ ᠶᠦᠩ ᠴᠢᠶᠠᠩ ᠸᠠᠩ ᠰᠢᠤᠸᠠᠢ ᠴᠢᠶᠠᠩ      ᠢᠯᠡᠴᠢᠯᠡᠨ ᠮᠡᠳᠡᠭᠦᠯᠬᠦ ᠬᠠᠶ᠋ᠢᠭ᠄ ᠰᠠᠶᠢᠬᠠᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ      ᠳᠠᠭᠠᠯᠳᠤᠭᠤᠯᠤᠯ᠄ ᠰᠠᠶᠢᠬᠠᠨ ᠲᠣᠭᠤᠷᠢᠭ ᠤᠨ 2023 ︽ᠵᠢᠷᠭᠤᠭᠠᠨ ᠲᠣᠮᠣ ᠠᠵᠤ ᠦᠢᠯᠡᠰ ᠤᠨ ᠪᠦᠯᠦᠭᠯᠡᠯ ︾ ᠤᠨ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠭᠰᠠᠨ ᠠᠰᠫᠢᠷᠠᠨᠲ ᠤᠨ ᠰᠤᠳᠤᠯᠬᠤ ᠰᠣᠷᠣᠭᠴᠢ ᠶᠢᠨ ᠨᠢᠭᠡ ᠤᠳᠠᠭ᠎ᠠ ᠶᠢᠨ ᠴᠢᠨᠠᠷᠲᠠᠢ ᠴᠢᠳᠠᠪᠤᠷᠢᠲᠠᠨ ᠤ ᠱᠠᠩᠨᠠᠯ ᠤᠨ ᠨᠡᠷ᠎ᠡ ᠵᠠᠷᠯᠠᠪᠠ      ᠰᠠᠶᠢᠬᠠᠨ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ                  2024 ᠣᠨ ᠤ 2 ᠰᠠᠷ᠎ᠠ ᠶᠢᠨ 28 ᠤ ᠳᠠᠭᠠᠯᠳᠤᠭᠤᠯᠤᠯ᠄ https://www.saihan.gov.cn/zwgk_new/zfxxgknew/fdzdgknr/tzgg/202402/t20240228_1664422.html      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ  ᠵᠠᠰᠠᠭ  ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号